ᠦᠨᠳᠦᠰᠦᠲᠡᠨ ᠤ ᠳᠠᠭᠤᠯᠠᠯᠳᠦ ᠪᠦᠵᠢᠭ ︽ᠲᠠᠯ᠎ᠠ ᠨᠤᠳᠤᠭ ᠤᠨ ᠤᠯᠠᠭᠠᠨᠮᠦ᠋ᠴᠢᠷ︾ ᠥᠪᠦᠷ ᠮᠤᠩᠭᠤᠯ ᠤᠨ ᠤᠯᠠᠭᠠᠨ ᠲᠢᠶᠠᠲᠷ ᠲᠤ ᠲᠤᠬᠯᠠᠬᠳᠠᠪᠠ
ᠨᠡᠶᠢᠲᠡᠯᠡᠭᠰᠡᠨ ᠴᠠᠭ᠄
2020-08-05
    8 ᠰᠠᠷ᠎ᠠ ᠶᠢᠨ 4 ᠤ ᠡᠳᠦᠷ᠂ ︽ᠲᠠᠯ᠎ᠠ ᠨᠤᠲᠤᠭ ᠤᠨ ᠤᠳᠬ᠎ᠠ ᠤᠷᠠᠯᠢᠭ ᠤᠨ ᠠᠷᠠᠳ ᠲᠤ ᠲᠤᠭᠯᠠᠯᠳᠠ ᠭᠠᠷᠭᠠᠬᠤ ᠤᠯᠠᠷᠢᠯ︾ ᠤᠨ ᠰᠢᠷᠢᠰ ᠠᠵᠢᠯᠯᠠᠭ᠎ᠠ ᠶᠢᠨ ᠨᠢᠭᠡ ᠪᠤᠯᠬᠤ ᠦᠨᠳᠦᠰᠦᠲᠡᠨ ᠤ ᠳᠠᠭᠤᠯᠠᠯᠳᠦ ᠪᠦᠵᠢᠭ ︽ᠲᠠᠯ᠎ᠠ ᠨᠤᠳᠤᠭ ᠤᠨ ᠤᠯᠠᠭᠠᠨᠮᠦ᠋ᠴᠢᠷ︾ ᠥᠪᠦᠷ ᠮᠤᠩᠭᠤᠯ ᠤᠨ ᠤᠯᠠᠭᠠᠨ ᠲᠢᠶᠠᠲᠷ ᠲᠤ ᠲᠤᠬᠯᠠᠬᠳᠠᠪᠠ᠃ ︽ᠲᠠᠯ᠎ᠠ ᠨᠤᠳᠤᠭ ᠤᠨ ᠤᠯᠠᠭᠠᠨᠮᠦ᠋ᠴᠢᠷ︾ ᠨᠢ ᠤᠯᠠᠭᠠᠨᠮᠦ᠋ᠴᠢᠷ ᠤᠨ ᠦᠨᠳᠦᠰᠦᠨ ᠱᠠᠳᠤᠨ ᠳᠤ ᠦᠨᠳᠦᠰᠦᠯᠡᠨ᠂ ᠰᠡᠳᠬᠢᠯ ᠰᠡᠳᠬᠢᠯ ᠢᠶᠠᠨ ᠬᠤᠯᠪᠤᠵᠦ ᠠᠷᠠᠳ ᠲᠦᠮᠡᠨ ᠳᠤ ᠦᠢᠯᠡᠴᠢᠯᠡᠨ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ︽ᠳᠤᠮᠳᠠᠳᠤ ᠶᠢᠨ ᠵᠡᠬᠦᠳᠦ︾ ᠶᠢ ᠳᠡᠷᠭᠡᠯᠰᠢᠬᠦᠯᠬᠦ ᠶᠢᠨ ᠲᠦᠯᠦᠭᠡ ᠬᠦᠴᠦᠯᠡᠨ ᠴᠢᠷᠮᠠᠶᠢᠬᠰᠠᠨ ᠢᠷᠠᠭᠤ ᠠᠯᠳᠠᠷᠳᠦ ᠲᠡᠦᠭᠡᠨ ᠶᠠᠪᠤᠴᠠ ᠶᠢ ᠲᠤᠬᠯᠠᠯᠳᠠ ᠶᠢᠨ ᠲᠠᠪᠴᠠᠩ ᠳᠤ ᠳᠡᠯᠭᠡᠨ ᠦᠵᠡᠬᠦᠯᠵᠦ᠂ ᠤᠯᠠᠭᠠᠨᠮᠦ᠋ᠴᠢᠷ ᠤᠨ ᠬᠢᠨ ᠤ ᠠᠷᠠᠳ ᠲᠦᠮᠡᠨᠴᠢ ᠴᠢᠨᠠᠷ᠂ ᠴᠠᠭ ᠦᠶᠡᠴᠢ ᠴᠢᠨᠠᠷ ᠪᠠ ᠤᠳᠬ᠎ᠠ ᠤᠷᠠᠯᠢᠭ ᠤᠨ ᠹᠷᠤᠨᠲ  ᠲᠠᠬᠢ ᠬᠦᠳᠦᠯᠦᠨ ᠳᠠᠭᠠᠭᠤᠯᠬᠤ ᠴᠢᠨᠠᠷ ᠢ ᠲᠤᠪᠤᠶᠢᠯᠭᠠᠭᠰᠠᠨ ᠪᠠᠶᠢᠨ᠎ᠠ᠃ ᠤᠢᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠬᠰᠠᠨ ᠨᠦᠬᠦᠴᠡᠯ ᠳᠣᠣᠷ᠎ᠠ᠂ ︽ᠲᠠᠯ᠎ᠠ ᠨᠤᠳᠤᠭ ᠤᠨ ᠤᠳᠬ᠎ᠠ ᠤᠷᠠᠯᠢᠭ ᠤᠨ ᠠᠷᠠᠳ ᠲᠤᠲᠤᠭᠯᠠᠯᠳᠠ ᠭᠠᠷᠭᠠᠬᠤ ᠤᠯᠠᠷᠢᠯ︾ ᠨᠢ 7 ᠰᠠᠷ᠎ᠠ ᠶᠢᠨ 31 ᠤ ᠡᠳᠦᠷ ᠡᠬᠢᠯᠡᠵᠦ᠂ 2 ᠰᠠᠷ᠎ᠠ ᠶᠠᠪᠤᠭᠳᠠᠨ᠎ᠠ᠃ᠰᠤᠷᠪᠤᠯᠵᠢᠯᠠᠬᠴᠢ ᠸᠠᠩ ᠯᠧᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号