ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-08-05
ᠵᠠᠩ ᠪᠠᠢ ᠴᠧᠩ ᠡᠷᠬᠢᠯᠡᠪᠡ      ︵ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 8 ᠳ᠋ᠤᠭᠠᠷ ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ 46 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠬᠦᠢᠲᠡᠨ ᠬᠡᠯᠬᠢᠶᠡᠨ ᠤ ᠢᠳᠡᠭᠡᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠵᠡᠷᠭᠡ ᠠᠵᠢᠯ ᠢ ᠴᠢᠩᠭᠠᠳᠬᠠᠬᠤ ᠲᠤᠬᠠᠢ ᠪᠠᠴᠢᠮ ᠮᠡᠳᠡᠭᠳᠡᠯ︾ ︽ᠬᠢᠯᠢ ᠪᠠᠷ ᠣᠷᠣᠵᠤ ᠢᠷᠡᠭᠰᠡᠨ ᠬᠥᠮᠥᠰ ᠢ ᠲᠦᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠪᠠ ᠪᠥᠭᠡᠮ ᠬᠦᠴᠢᠯ ᠤᠨ ᠪᠠᠶᠢᠴᠠᠭᠠᠯᠲᠠ ᠬᠢᠬᠦ ᠬᠠᠮᠢᠶ᠎ᠠ ᠪᠦᠬᠦᠢ ᠠᠵᠢᠯ ᠢ ᠤᠯᠠᠮ ᠨᠢᠭᠡ ᠠᠯᠬᠤᠮ ᠰᠠᠶᠢᠳᠤᠷ ᠬᠢᠬᠦ ᠲᠤᠬᠠᠢ ᠮᠡᠳᠡᠭᠳᠡᠯ︾ ︽ᠬᠤᠪᠧᠢ ᠮᠤᠵᠢ ᠶᠢᠨ ᠦᠬᠠᠨ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠲᠤᠷᠰᠢᠯᠭ᠎ᠠ ᠶᠢ ᠤᠯᠠᠮᠵᠢᠯᠠᠨ ᠶᠠᠪᠤᠭᠤᠯᠬᠤ ᠲᠤᠬᠠᠢ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠪᠠᠢ ᠴᠧᠩ ᠬᠤᠷᠠᠯ ᠢ ᠡᠷᠬᠢᠯᠡᠪᠡ᠃      ᠬᠤᠷᠠᠯ ᠠᠴᠠ ᠵᠢᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ︽ᠬᠦᠢᠲᠡᠨ ᠬᠡᠯᠬᠢᠶᠡᠨ ᠤ ᠢᠳᠡᠭᠡᠨ ᠤ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠯᠲᠠ ᠵᠡᠷᠭᠡ ᠠᠵᠢᠯ ᠢ ᠴᠢᠩᠭᠠᠳᠬᠠᠬᠤ ᠲᠤᠬᠠᠢ ᠪᠠᠴᠢᠮ ᠮᠡᠳᠡᠭᠳᠡᠯ︾  ᠤᠨ ᠱᠠᠭᠠᠷᠳᠠᠯᠭ᠎ᠠ ᠶᠣᠰᠣᠭᠠᠷ᠂ ᠬᠦᠢᠲᠡᠨ ᠬᠡᠯᠬᠢᠶᠡᠨ ᠤ ᠰᠡᠷᠢᠭᠦᠨ ᠬᠠᠳᠠᠭᠠᠯᠠᠬᠤ ᠢᠳᠡᠭᠡᠨ ᠤ ᠠᠷᠠᠯᠵᠢᠶ᠎ᠠ᠂ ᠭᠦᠢᠯᠭᠡᠭᠡ᠂ ᠬᠥᠮᠥᠷᠭᠡᠯᠡᠭᠡ᠂  ᠬᠡᠷᠡᠭᠯᠡᠯᠲᠡ ᠵᠡᠷᠭᠡ ᠡᠯ᠎ᠡ ᠭᠤᠭᠴᠤᠭ᠎ᠠ ᠵᠢᠴᠢ ᠬᠤᠯᠪᠣᠭᠳᠠᠯ ᠪᠦᠬᠦᠢ ᠠᠵᠢᠯᠳᠠᠨ ᠤ ᠬᠠᠮᠢᠶᠠᠷᠤᠯᠲᠠ ᠪᠠ ᠪᠠᠶᠢᠴᠠᠭᠠᠯᠲᠠ ᠪᠠᠨ ᠴᠢᠩᠭᠠᠳᠬᠠᠵᠤ᠂ ᠬᠦᠢᠲᠡᠨ ᠬᠡᠯᠬᠢᠶᠡᠨ ᠤ ᠢᠳᠡᠭᠡᠨ ᠳᠤ ᠪᠠᠶᠢᠴᠠᠭᠠᠨ ᠰᠢᠯᠭᠠᠬᠤ ᠶᠠᠪᠤᠴᠠ ᠶᠢ ᠡᠷᠡᠰ ᠬᠡᠷᠡᠭᠵᠢᠭᠦᠯᠵᠦ᠂ ᠢᠳᠡᠭᠡᠨ ᠢ ᠮᠥᠷᠳᠡᠬᠦ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠠᠳ ᠤᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠵᠠᠩ ᠪᠠᠢ ᠴᠧᠩ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠦᠷᠭᠦᠯᠵᠢᠯᠡᠨ ᠪᠠᠲᠤ ᠰᠠᠬᠢᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠢᠯᠢ ᠶᠢᠨ ᠭᠠᠳᠠᠨ᠎ᠠ ᠠᠴᠠ ᠢᠷᠡᠭᠰᠡᠨ ᠬᠥᠮᠥᠰ ᠵᠢᠴᠢ ᠳᠤᠮᠳᠠ᠂ ᠥᠨᠳᠥᠷ ᠲᠦᠭᠰᠢᠭᠦᠷᠢᠲᠡᠢ ᠭᠠᠵᠠᠷ ᠣᠷᠣᠨ ᠠᠴᠠ ᠢᠷᠡᠭᠰᠡᠨ ᠬᠥᠮᠥᠰ ᠢ ᠬᠠᠮᠢᠶᠠᠷᠤᠨ ᠡᠵᠡᠮᠳᠡᠬᠦ ᠪᠠ ᠪᠠᠶᠢᠴᠠᠭᠠᠨ ᠰᠢᠯᠭᠠᠬᠤ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠪᠠᠶᠢᠩᠭᠤᠵᠢᠭᠰᠠᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ︽ᠭᠠᠳᠠᠨ᠎ᠠ ᠪᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠳᠡᠯᠭᠡᠷᠡᠬᠦ ᠶᠢ ᠰᠡᠷᠭᠡᠶᠢᠯᠡᠬᠦ︾ ᠪᠠᠲᠤ ᠪᠠᠬᠢ ᠬᠡᠷᠡᠮ ᠢ ᠪᠠᠷᠢᠵᠤ᠂ ᠬᠢᠯᠪᠠᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠰᠠᠶᠢᠲᠤᠷ ᠪᠠᠲᠤᠳᠬᠠᠬᠤ ᠬᠡᠷᠡᠭᠲᠡᠢ ᠭᠡᠪᠡ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号