︽ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠶ᠎ᠠ︾ ᠤᠷᠠᠨ ᠵᠢᠷᠤᠭ ᠤᠷᠠᠨ ᠪᠢᠴᠢᠯᠭᠡ ᠶᠢᠨ ᠦᠵᠡᠭᠦᠯᠭᠡ ᠪᠣᠯᠪᠠ
ᠨᠡᠶᠢᠲᠡᠯᠡᠭᠰᠡᠨ ᠴᠠᠭ᠄
2020/8/5
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠤᠤ ᠰᠠᠷᠠᠭᠤᠯ︶ ᠣᠶᠢᠷ᠎ᠠ ᠳᠤ᠂ ︽ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠶ᠎ᠠ︾ ᠴᠢᠨᠡᠭᠡᠯᠢᠭ ᠠᠮᠢᠳᠤᠷᠠᠯ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠨ ᠨᠡᠮᠡᠷᠢᠯᠡᠬᠦ ᠭᠤᠤᠯ ᠰᠡᠳᠦᠪᠲᠦ ᠤᠷᠠᠨ ᠵᠢᠷᠤᠭ ᠤᠷᠠᠨ ᠪᠢᠴᠢᠯᠭᠡ ᠶᠢᠨ ᠦᠵᠡᠭᠦᠯᠭᠡ ᠦᠪᠦᠷ ᠮᠤᠩᠭᠤᠯ ᠤᠨ ᠤᠷᠠᠨ ᠵᠢᠷᠤᠭ ᠤᠨ ᠤᠷᠳᠤᠨ ᠳᠤ ᠪᠤᠯᠪᠠ᠃      ᠲᠤᠰ ᠦᠵᠡᠭᠦᠯᠭᠡ ᠶᠢᠨ ᠪᠦᠲᠦᠭᠡᠯ ᠤᠳ ᠢ ᠦᠪᠡᠷᠳᠡᠭᠡᠨ ᠵᠠᠰᠠᠬᠤ ᠤᠷᠤᠨ ᠤ ᠰᠤᠶᠤᠯ ᠳᠡᠦᠭᠡ ᠶᠢᠨ ᠰᠤᠳᠤᠯᠭᠠᠨ ᠤ ᠤᠷᠳᠤᠨ ᠤ ᠠᠵᠢᠯᠳᠠᠳ ᠰᠤᠳᠤᠯᠭᠠᠳᠠᠳ ᠤᠨ ᠵᠢᠯ ᠭᠠᠷᠤᠢ ᠬᠤᠭᠤᠴᠠᠭᠠᠨ ᠳᠤ ᠵᠤᠬᠢᠶᠠᠨ ᠪᠦᠳᠦᠭᠡᠭᠰᠡᠨ ᠰᠢᠯᠢᠳᠡᠭ ᠪᠦᠳᠦᠭᠡᠯ ᠠᠴᠠ ᠰᠤᠩᠭᠤᠭᠰᠠᠨ ᠪᠠᠶᠢᠵᠤ᠂ ᠲᠡᠳᠡᠨᠡᠷ ᠤᠨ ᠠᠮᠢᠳᠤᠷᠠᠯ ᠳᠤ ᠬᠦᠨᠵᠡᠭᠡᠶᠢᠷᠡᠨ ᠠᠷᠠᠳ ᠲᠦᠮᠡᠨ ᠳᠤ ᠤᠢᠢᠷᠠᠳᠤᠵᠤ᠂ ᠨᠠᠷᠢᠨ ᠰᠤᠳᠤᠯᠵᠤ ᠨᠢᠮᠪᠠᠢ ᠵᠢᠷᠤᠭᠰᠠᠨ ᠤ ᠦᠷ᠎ᠡ ᠪᠦᠳᠦᠮᠵᠢ ᠪᠤᠯᠬᠤ ᠶᠤᠮ᠃ ᠡᠳᠡᠭᠡᠷ ᠪᠦᠳᠦᠭᠡᠯ ᠤᠳ ︽ᠮᠤᠩᠭᠤᠯ ᠮᠤᠷᠢᠨ ᠤ ᠵᠤᠷᠢᠭ ᠰᠠᠨᠠᠭ᠎ᠠ ᠶᠢ ᠪᠠᠳᠠᠷᠠᠭᠤᠯᠤᠶ᠎ᠠ︾ ᠴᠢᠨᠡᠭᠡᠯᠢᠭ ᠠᠮᠢᠳᠤᠷᠠᠯ ᠢ ᠪᠦᠬᠦ ᠲᠠᠯ᠎ᠠ ᠪᠠᠷ ᠪᠠᠶᠢᠭᠤᠯᠬᠤ ᠳᠤ ᠬᠦᠴᠦᠨ ᠨᠡᠮᠡᠷᠢᠯᠡᠬᠦ ᠭᠤᠤᠯ ᠰᠡᠳᠦᠪ ᠢ ᠬᠦᠢᠴᠡᠳ ᠬᠠᠷᠠᠭᠤᠯᠵᠦ᠂ ᠦᠪᠡᠷᠳᠡᠭᠡᠡ ᠵᠠᠰᠠᠬᠤ ᠤᠷᠤᠨ ᠤ ᠴᠢᠨᠡᠭᠡᠯᠢᠭ ᠠᠮᠢᠳᠤᠷᠠᠯ ᠢ ᠪᠦᠬᠦ ᠲᠠᠯ᠎ᠠ ᠪᠠᠷ ᠴᠤᠭᠴᠠᠯᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠳᠡ ᠶᠢ ᠤᠯᠬᠤ ᠵᠤᠷᠢᠭ ᠬᠦᠴᠦᠨ ᠢᠶᠠᠨ ᠨᠢᠭᠡᠳᠭᠡᠬᠦ ᠳᠤ ᠰᠤᠶᠤᠯ ᠤᠷᠠᠯᠢᠭ ᠤᠨ ᠬᠦᠴᠦᠨ ᠨᠡᠮᠡᠷᠢᠯᠡᠭᠰᠡᠨ ᠪᠠᠶᠢᠨ᠎ᠠ᠃      ᠲᠤᠰ ᠦᠵᠡᠭᠦᠯᠭᠡ ᠨᠢ ᠪᠠᠰᠠ ᠨᠢᠭᠡᠨ ᠲᠠᠯ᠎ᠠ ᠪᠠᠷ ᠦᠪᠦᠷ ᠮᠣᠩᠭᠤᠯ ᠤᠨ ᠤᠷᠠᠨ ᠵᠢᠷᠤᠭ ᠤᠨ ᠤᠷᠳᠤᠨ ᠳᠤ ᠶᠠᠳᠠᠭᠤ ᠠᠴᠠ ᠠᠩᠬᠢᠵᠢᠷᠠᠭᠤᠯᠤᠨ ᠴᠢᠨᠡᠭᠡᠯᠢᠭ ᠠᠮᠢᠳᠤᠷᠠᠯ ᠢ ᠪᠠᠶᠢᠭᠤᠯᠬᠤ ᠳᠤ ᠰᠣᠶᠣᠯ ᠤᠨ ᠡᠯᠧᠮᠧᠨ᠋ᠲ ᠢ ᠨᠡᠮᠡᠷᠢᠯᠡᠬᠦ ᠨᠢ ᠶᠠᠷᠢᠶᠠᠨ ᠦᠭᠡᠢ ᠶᠤᠮ᠃ ᠦᠪᠦᠷ ᠮᠣᠩᠭᠤᠯ ᠤᠨ ᠤᠷᠠᠨ ᠵᠢᠷᠤᠭ ᠤᠨ ᠤᠷᠳᠤᠨ ᠪᠤᠯ ᠮᠠᠨ ᠤ ᠤᠷᠤᠨ ᠤ ᠤᠳᠬ᠎ᠠ ᠤᠷᠠᠯᠢᠭ ᠤᠨ ᠹᠷᠤᠨᠲ ᠤᠨ ᠴᠢᠬᠤᠯᠠ ᠨᠢᠭᠡᠨ ᠳᠠᠪᠴᠠᠩ ᠪᠠᠶᠢᠵᠤ᠂ ᠪᠦᠬᠦ ᠤᠷᠤᠨ ᠤ ᠦᠨᠳᠦᠰᠦᠲᠡᠨ ᠨᠦᠭᠦᠳ ᠤᠨ ᠰᠤᠶᠤᠯ ᠤᠷᠠᠯᠢᠭ᠂ ᠰᠤᠳᠤᠯᠭᠠᠨ ᠰᠢᠨᠵᠢᠯᠡᠭᠡᠨ᠂ ᠰᠤᠷᠭᠠᠨ ᠬᠦᠮᠦᠵᠢᠯ ᠵᠡᠷᠭᠡ ᠶᠢᠨ ᠦᠷ᠎ᠡ ᠪᠦᠲᠦᠭᠡᠯ ᠢ ᠴᠠᠭ ᠲᠤᠬᠠᠢ ᠳᠤᠨᠢ ᠳᠡᠯᠭᠡᠨ ᠦᠵᠡᠭᠦᠯᠵᠤ᠂ ᠦᠪᠡᠷᠳᠡᠭᠡᠨ ᠵᠠᠰᠠᠬᠤ ᠤᠷᠤᠨ ᠤ ᠤᠳᠬ᠎ᠠ ᠤᠷᠠᠯᠢᠭ ᠤᠨ ᠬᠦᠭᠵᠢᠯᠳᠡ ᠶᠢᠨ ᠪᠠᠳᠤ ᠪᠠᠬᠢ ᠰᠠᠭᠤᠷᠢᠨ ᠭᠠᠵᠠᠷ ᠪᠤᠯᠤᠭᠰᠠᠨ ᠪᠠᠶᠢᠳᠠᠭ ᠶᠤᠮ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ