ᠪᠡᠭᠡᠵᠢᠩ ᠶᠡᠭᠡ ᠰᠤᠷᠭᠠᠭᠤᠯᠢ ᠶᠢᠨ ᠦᠵᠡᠮᠵᠢ ᠶᠢᠨ ᠵᠢᠷᠤᠭ ᠲᠥᠯᠥᠪᠯᠡᠭᠡᠨ ᠤ ᠤᠬᠠᠭᠠᠨ‌‍ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠶ ᠺᠦᠩ ᠵᠢᠶᠠᠨ ᠮᠠᠨ ᠤ ᠬᠤᠲᠠ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2020-08-06
                      ᠸᠠᠩ ᠯᠢ ᠰᠢᠶᠠ ᠵᠠᠩ ᠪᠠᠢ ᠴᠧᠩ ᠪᠠᠷ᠎ᠠ ᠪᠣᠯᠪᠠ      ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠹᠧᠩ ᠶᠠᠨ ᠫᠢᠩ  ᠠᠬᠠᠯᠠᠭᠴᠢ ᠰᠤᠷᠪᠤᠯᠵᠢᠯᠠᠭᠴᠢ ᠯᠢ ᠬᠠᠢ ᠵᠧᠨ︶ 8 ᠳ᠋ᠤᠭᠠᠷ ᠰᠠᠷ᠎ᠠ ᠶᠢᠨ 4 ᠂ 5 ᠤ ᠡᠳᠦᠷ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠤᠷᠢᠯᠭ᠎ᠠ ᠪᠠᠷ᠂ ᠬᠠᠷᠸᠠᠷᠳ᠋ ᠶᠡᠭᠡ ᠰᠤᠷᠭᠠᠭᠤᠯᠢ ᠶᠢᠨ ᠵᠢᠷᠤᠭ ᠲᠥᠯᠥᠪᠯᠡᠭᠡᠨ ᠤ ᠤᠬᠠᠭᠠᠨ ᠤ ᠳ᠋ᠣᠺᠲ᠋ᠣᠷ᠂ ᠠᠮᠧᠷᠢᠺᠠ ᠶᠢᠨ ᠤᠷᠠᠯᠢᠭ ᠪᠠ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ ᠰᠤᠷᠭᠠᠭᠤᠯᠢ ᠶᠢᠨ ᠦᠵᠡᠮᠵᠢ ᠶᠢᠨ ᠵᠢᠷᠤᠭ ᠲᠥᠯᠥᠪᠯᠡᠭᠡᠨ ᠤ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠶ ᠺᠦᠩ ᠵᠢᠶᠠᠨ ᠨᠠᠷ ᠮᠠᠨ ᠤ ᠬᠤᠲᠠ ᠳᠤ ︽ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠬᠤᠲᠠ ᠶᠢ ᠪᠥᠲᠥᠭᠡᠨ ᠪᠠᠶᠢᠭᠤᠯᠵᠤ᠂ ᠬᠥᠬᠡ ᠤᠭᠲᠠᠷᠭᠤᠢ ᠴᠡᠩᠭᠡᠷᠯᠡᠭᠡᠳ ᠬᠦᠷᠦᠰᠦᠲᠦ ᠲᠡᠯᠡᠭᠡᠢ ᠴᠡᠯᠡᠶᠢᠵᠦ᠂ ᠬᠤᠩᠭᠤᠷ ᠰᠠᠯᠬᠢᠨ᠎ᠠ ᠡᠪᠡᠰᠦ ᠨᠠᠶᠢᠭᠤᠬᠤᠯᠠᠷ ᠬᠤᠨᠢ ᠦᠬᠡᠷ ᠢᠷᠠᠶᠢᠭᠰᠠᠨ ᠠᠰᠤᠷᠤ ᠰᠠᠶᠢᠬᠠᠨ ᠦᠵᠡᠮᠵᠢ ᠶᠢ ᠳᠠᠬᠢᠨ ᠢᠯᠡᠷᠡᠬᠦᠯᠬᠦ︾ ︽ᠤᠰᠤᠰᠠᠭ ᠬᠤᠲᠠ ᠪᠠ ︿ᠬᠤᠲᠠ ᠶᠢᠨ ᠠᠭᠤᠰᠬᠢ﹀ ᠶᠢ ᠪᠥᠲᠥᠭᠡᠨ ᠪᠠᠶᠢᠭᠤᠯᠵᠤ ᠠᠮᠢ ᠠᠬᠤᠶ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠶᠢ ᠪᠠᠶᠢᠭᠤᠯᠬᠤ︾ ︽ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠥᠪ ᠬᠤᠲᠠ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ︾  ᠲᠦᠯᠦᠪᠵᠢᠬᠦᠯᠭᠡ ᠵᠢᠷᠤᠭ ᠲᠥᠯᠥᠪᠯᠡᠭᠡ ᠶᠢᠨ ᠠᠵᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ  ᠪᠠᠢ ᠴᠧᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃      ᠢᠦᠢ ᠺᠦᠩ ᠵᠢᠶᠠᠨ ᠨᠠᠷ ᠤᠷᠢᠳ ᠬᠤᠵᠢᠳ ᠬᠥᠬᠡᠬᠤᠲᠠ ᠶᠢᠨ ᠵᠡᠭᠦᠨ ᠦᠷᠳᠡᠭᠡ ᠶᠢᠨ ᠡᠮᠦᠨ᠎ᠡ ᠠᠭᠤᠳᠠᠮ ᠲᠠᠯᠠᠪᠠᠢ᠂ ᠮᠧᠩ ᠼᠤᠤ ᠶᠢᠨ ᠡᠯᠳᠡᠪ ᠡᠪᠡᠰᠦᠨ ᠤ ᠬᠦᠷᠢᠶᠡᠯᠡᠩ᠂ ᠰᠡᠩᠭᠡ ᠠᠶᠢᠯ᠂ ᠲᠠᠪᠤᠨ ᠲᠤᠯᠤᠭᠠᠢ ᠡᠷᠲᠡᠨ ᠤ ᠬᠤᠳᠠ᠂ ᠮᠧᠩ ᠼᠤᠤ ᠶᠢᠨ ᠠᠮᠢ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠴᠡᠯᠡᠭᠡᠷ ᠲᠠᠯ᠎ᠠ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ᠂ ᠣᠪᠣᠭ᠎ᠠ ᠲᠣᠰᠬᠤᠨ᠂ ᠥᠪᠥᠷ ᠮᠣᠩᠭᠤᠯ ᠤᠨ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠤ ᠰᠣᠶᠣᠯ ᠪᠡᠶ᠎ᠡ ᠲᠠᠮᠢᠷ ᠤᠨ ᠬᠥᠳᠡᠯᠭᠡᠭᠡᠨ ᠤ ᠲᠥᠪ ᠤᠨ ᠪᠠᠷᠠᠭᠤᠨ ᠠᠭᠤᠳᠠᠮ ᠲᠠᠯᠠᠪᠠᠢ᠂ ᠴᠡᠯᠡᠭᠡᠷ ᠲᠠᠯ᠎ᠠ᠂ ᠪᠠᠭ᠎ᠠ ᠲᠦᠷᠭᠡᠨ ᠭᠤᠣᠯ ᠤᠨ ᠤᠰᠤᠨ ᠰᠢᠰᠲ᠋ᠧᠮ᠂ ᠶᠡᠭᠡ ᠲᠥᠷᠭᠡᠨ ᠭᠤᠣᠯ ᠤᠨ ᠤᠰᠤᠨ ᠰᠢᠰᠲ᠋ᠧᠮ᠂ ᠵᠠᠳᠠᠭᠠᠢ ᠭᠤᠣᠯ᠂ ᠤᠰᠤᠲᠤ ᠭᠤᠣᠯ᠂ ᠳᠠᠯᠠᠨ ᠬᠠᠷ᠎ᠠ ᠠᠭᠤᠯᠠ ᠶᠢᠨ ᠥᠷᠥᠴᠡ ᠭᠠᠵᠠᠷ ᠤᠨ ᠬᠤᠸᠠᠩ ᠬᠤᠸᠠ ᠸᠧ ᠫᠦ᠋ ᠥᠨᠳᠥᠷ ᠠᠭᠤᠯᠠ ᠶᠢᠨ ᠲᠠᠯ᠎ᠠ ᠨᠤᠲᠤᠭ᠂ ᠳᠠᠯᠠᠨ ᠬᠠᠷ᠎ᠠ ᠠᠭᠤᠯᠠ ᠶᠢᠨ ᠵᠡᠭᠦᠨ ᠬᠡᠰᠡᠭ ᠤᠨ ᠱᠧᠩ ᠱᠦᠢ ᠯᠢᠶᠠᠩ ᠥᠨᠳᠥᠷ ᠠᠭᠤᠯᠠ ᠶᠢᠨ ᠲᠠᠯ᠎ᠠ ᠨᠤᠲᠤᠭ ᠵᠡᠷᠭᠡ ᠶᠢ ᠰᠢᠨᠵᠢᠯᠡᠨ ᠪᠠᠶᠢᠴᠠᠭᠠᠪᠠ      ᠨᠢᠭᠡ ᠭᠠᠵᠠᠷ ᠬᠦᠷᠬᠦ ᠪᠣᠯᠭᠠᠨ ᠢᠦᠶ ᠺᠦᠩ ᠵᠢᠶᠠᠨ ᠲᠥᠷᠥᠯ ᠵᠦᠢᠯ ᠤᠨ ᠣᠷᠣᠨ ᠪᠦᠰᠡ ᠶᠢᠨ ᠶᠡᠷᠦᠩᠬᠡᠶ ᠪᠠᠶᠢᠳᠠᠯ᠂ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠢᠷᠡᠭᠡᠳᠦᠶ ᠶᠢᠨ ᠲᠥᠯᠥᠪᠵᠢᠭᠦᠯᠭᠡ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠵᠡᠷᠭᠡ ᠳᠤ ᠲᠤᠰᠬᠠᠢ ᠵᠢᠯᠤᠭᠤᠳᠤᠯᠭ᠎ᠠ ᠬᠢᠭᠰᠡᠨ ᠪᠠ ᠰᠠᠨᠠᠯ ᠰᠠᠨᠠᠭᠤᠯᠭ᠎ᠠ ᠳᠤᠷᠠᠳᠴᠠᠶ᠃      ᠢᠦᠢ ᠺᠦᠩ ᠵᠢᠶᠠᠨ ᠬᠡᠯᠡᠬᠦ ᠳᠡᠭᠡᠨ᠂ ᠬᠥᠬᠡᠬᠤᠲᠠ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠬᠤᠲᠠ ᠶᠢ ᠪᠦᠲᠦᠭᠡᠨ ᠪᠠᠶᠢᠭᠤᠯᠵᠤ᠂ ᠠᠮᠢ ᠠᠬᠤᠶ ᠨᠢ ᠤᠷᠤᠰᠢᠨ ᠰᠠᠭᠤᠷᠢᠰᠢᠬᠤ ᠳᠤ ᠲᠣᠬᠢᠷᠠᠮᠵᠢᠲᠠᠶ ᠬᠤᠲᠠ ᠶᠢ ᠪᠦᠲᠦᠭᠡᠨ ᠪᠠᠶᠢᠭᠤᠯᠤᠭᠰᠠᠨ ᠴᠤ ᠲᠡᠷᠡ᠂ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠭᠰᠠᠨ ᠴᠦ ᠲᠡᠷᠡ ᠴᠦᠮ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠷᠠᠳ ᠲᠦᠮᠡᠨ ᠢᠶᠠᠷ ᠭᠤᠤᠯ  ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠬᠢᠨᠠᠮᠠᠭᠠᠶ ᠦᠢᠯᠡᠳᠦᠯᠭᠡᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠡᠷᠡᠰ ᠵᠣᠷᠢᠭ ᠢ ᠢᠯᠡᠷᠡᠬᠦᠯᠵᠦ ᠪᠠᠶᠢᠨ᠎ᠠ ᠭᠡᠵᠡᠢ᠃ ᠲᠡᠷᠡ ᠰᠠᠨᠠᠭᠤᠯᠤᠭᠰᠠᠨ ᠨᠢ᠂ ᠲᠥᠷᠥᠯ ᠵᠦᠢᠯ ᠨᠢᠭᠡᠪᠦᠷᠢ ᠶᠢᠨ ᠲᠦᠯᠦᠪᠵᠢᠬᠦᠯᠭᠡ ᠵᠢᠷᠤᠭ ᠲᠥᠯᠥᠪᠯᠡᠭᠡ ᠨᠢ ᠵᠠᠪᠠᠯ ᠪᠠᠶᠢᠭᠠᠯᠢ ᠶᠢ ᠢᠯᠡᠷᠡᠭᠦᠯᠬᠦ ᠬᠡᠷᠡᠭᠲᠡᠶ᠂ ᠲᠤᠰ ᠭᠠᠵᠠᠷ ᠣᠷᠣᠨ ᠤ ᠣᠷᠴᠢᠨ ᠲᠣᠭᠤᠷᠢᠨ ᠪᠣᠯᠤᠨ ᠠᠮᠢ ᠠᠬᠤᠶ ᠶᠢᠨ ᠡᠬᠢ ᠪᠠᠶᠠᠯᠢᠭ ᠢᠶᠠᠷ ᠲᠦᠰᠢᠭ ᠪᠣᠯᠭᠠᠵᠤ᠂ ᠬᠤᠲᠠ ᠶᠢᠨ ᠬᠥᠭᠵᠢᠯᠲᠡ ᠶᠢᠨ ᠴᠢᠳᠠᠮᠵᠢ ᠲᠠᠢ ᠤᠶᠠᠯᠳᠤᠭᠤᠯᠵᠤ᠂ ᠠᠭᠤᠯᠠ᠂ ᠤᠰᠤ᠂ ᠬᠥᠮᠦᠨ᠂ ᠬᠤᠲᠠ ᠶᠢᠨ ᠬᠠᠷᠢᠴᠠᠭ᠎ᠠ ᠶᠢ ᠪᠦᠬᠦ ᠲᠠᠯ᠎ᠠ ᠪᠠᠷ ᠨᠢᠭᠡᠳᠦᠯᠲᠡᠶ ᠲᠥᠯᠥᠪᠯᠡᠵᠦ᠂ ᠪᠠᠶᠢᠭᠠᠯᠢ ᠬᠢᠭᠡᠳ ᠰᠣᠶᠣᠯ ᠢᠷᠭᠡᠨᠰᠢᠯ᠂ ᠴᠡᠭ ᠬᠢᠭᠡᠳ ᠲᠠᠯ᠎ᠠ᠂ ᠬᠡᠰᠡᠭ ᠲᠠᠯ᠎ᠠ ᠬᠢᠭᠡᠳ ᠪᠦᠬᠦᠯᠢ ᠴᠣᠭᠴᠠ ᠵᠡᠷᠭᠡ ᠶᠢᠨ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠨ᠂ ᠬᠥᠬᠡᠬᠤᠲᠠ ᠶᠢ ᠦᠨᠡᠨᠬᠦ ᠰᠠᠭᠤᠷᠢᠰᠢᠬᠤ ᠳᠤ ᠲᠣᠬᠢᠷᠠᠮᠵᠢᠲᠠᠶ᠂ ᠠᠵᠢᠯ ᠡᠷᠬᠢᠯᠡᠬᠦ ᠳᠤ ᠲᠣᠬᠢᠷᠠᠮᠵᠢᠲᠠᠶ᠂ ᠵᠤᠭᠠᠴᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠤᠨ ᠬᠤᠲᠠ ᠪᠣᠯᠭᠠᠨ ᠪᠦᠲᠦᠭᠡᠨ  ᠪᠠᠶᠢᠭᠤᠯᠬᠤ ᠬᠡᠷᠡᠭᠲᠡᠢ ᠭᠡᠵᠡᠢ᠃      ᠸᠠᠩ ᠯᠢ ᠰᠢᠶᠠ᠂ ᠵᠠᠩ ᠪᠠᠢ ᠴᠧᠩ᠂ ᠢᠦᠶ ᠺᠦᠩ ᠵᠢᠶᠠᠨ ᠨᠠᠷ ᠤᠨ ᠬᠦᠬᠡᠬᠤᠲᠠ ᠳᠤ ᠰᠢᠨᠵᠢᠯᠡᠨ  ᠪᠠᠶᠢᠴᠠᠭᠠᠵᠤ ᠪᠠᠶᠢᠭ᠎ᠠ ᠳᠤ ᠪᠠᠶᠠᠷᠯᠠᠨ ᠤᠭᠲᠤᠵᠤ ᠪᠠᠶᠢᠭ᠎ᠠ ᠪᠠ ᠲᠠᠯᠠᠷᠬᠠᠯ ᠢᠶᠠᠨ ᠢᠯᠡᠳᠭᠡᠵᠦ᠂ ᠢᠦᠶ ᠺᠦᠩ ᠵᠢᠶᠠᠨ ᠫᠷᠣᠫᠧᠰᠰᠤᠷ ᠵᠢᠴᠢ ᠲᠡᠭᠦᠨ ᠤ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠪᠦᠯᠬᠦᠮ ᠤᠨ ᠬᠢᠨ ᠠᠮᠢ ᠠᠬᠤᠶ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠲᠠᠯ᠎ᠠ ᠶᠢᠨ ᠳᠠᠪᠠᠭᠤᠯᠢᠭ ᠪᠠ ᠲᠤᠷᠰᠢᠯᠭ᠎ᠠ ᠪᠠᠨ  ᠬᠦᠢᠴᠡᠳ ᠪᠠᠳᠠᠷᠠᠭᠤᠯᠵᠤ᠂ ᠲᠥᠪ ᠬᠤᠲᠠ ᠶᠢᠨ ᠠᠮᠢ ᠠᠬᠤᠢ ᠶᠢᠨ ᠲᠥᠯᠥᠪᠵᠢᠭᠦᠯᠭᠡ ᠶᠢᠨ ᠣᠨᠴᠠᠯᠢᠭ ᠢ ᠭᠦᠢᠴᠡᠳ ᠰᠤᠳᠤᠯᠵᠤ ᠂ ᠲᠥᠪ ᠬᠤᠲᠠ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠳᠤ ᠥᠨᠳᠥᠷ ᠪᠠᠷᠢᠮᠵᠢᠶ᠎ᠠ᠂ ᠥᠨᠳᠥᠷ ᠬᠢᠷᠢ ᠲᠦᠪᠰᠢᠨ ᠲᠠᠢ ᠲᠦᠯᠦᠪᠵᠢᠭᠦᠯᠭᠡ ᠶᠢᠨ ᠳᠡᠮᠵᠢᠯᠭᠡ ᠳᠤᠷᠠᠳᠴᠤ᠂ ᠲᠥᠪ ᠬᠤᠲᠠ ᠶᠢᠨ ᠴᠢᠨᠠᠷ ᠳᠡᠰ ᠢ ᠲᠡᠭᠡᠭᠰᠢᠯᠡᠭᠦᠯᠵᠦ  ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠦᠰᠡᠵᠡᠢ᠃      ᠬᠤᠲᠠ ᠶᠢᠨ ᠤᠳᠤᠷᠢᠳᠤᠯᠭ᠎ᠠ ᠦ᠋ ᠸᠧᠨ ᠮᠢᠩ᠂ ᠶᠦᠨ ᠰᠢᠨ ᠮᠢᠩ᠂ ᠴᠢᠶᠣᠤ ᠶᠦᠨ ᠯᠢ ᠵᠢᠴᠢ  ᠬᠤᠯᠪᠤᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠳᠤ ᠣᠷᠣᠯᠴᠠᠵᠠᠶ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号