ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶  ᠤᠨ2020 ᠣᠨ ᠤ 11ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-08-07
         ᠸᠠᠩ ᠯᠢ ᠰᠢᠶᠠ ᠡᠷᠬᠢᠯᠡᠵᠦ ᠵᠠᠩ ᠪᠠᠢ ᠴᠧᠩ  ᠯᠦᠸᠧ ᠴᠢᠩ  ᠡᠾᠧ ᠬᠠᠢ ᠳ᠋ᠦᠩ ᠤᠷᠤᠯᠴᠠᠪᠠ      ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ  ︵ᠰᠤᠷᠪᠤᠯᠵᠢᠯᠠᠭᠴᠢ ᠮᠢᠶᠣᠣ ᠴᠢᠩ︶ 8  ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2020 ᠣᠨ ᠤ 11  ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ ᠬᠠᠷᠸᠠᠷᠳ᠋ ᠶᠡᠭᠡ ᠰᠤᠷᠭᠠᠭᠤᠯᠢ ᠶᠢᠨ ᠵᠢᠷᠤᠭ ᠲᠥᠯᠥᠪᠯᠡᠭᠡᠨ ᠤ ᠤᠬᠠᠭᠠᠨ ᠤ ᠳ᠋ᠣᠺᠲ᠋ᠣᠷ᠂ ᠠᠮᠧᠷᠢᠺᠠ ᠶᠢᠨ ᠤᠷᠠᠯᠢᠭ ᠬᠢᠭᠡᠳ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠡᠭᠡᠵᠢᠩ ᠶᠡᠭᠡ ᠰᠤᠷᠭᠠᠭᠤᠯᠢ ᠶᠢᠨ ᠦᠵᠡᠮᠵᠢ ᠶᠢᠨ ᠵᠢᠷᠤᠭ ᠲᠥᠯᠥᠪᠯᠡᠭᠡᠨ ᠤ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ ᠺᠦᠩ  ᠵᠢᠶᠠᠨ ᠢ ᠤᠷᠢᠵᠤ ︽ᠬᠥᠮᠦᠨ ᠬᠢᠭᠡᠳ ᠪᠠᠶᠢᠭᠠᠯᠢ ᠡᠶ᠎ᠡ ᠵᠤᠬᠢᠴᠠᠯ ᠲᠠᠢ ᠬᠠᠮᠲᠤ ᠣᠷᠣᠰᠢᠬᠤᠢ — ᠦᠵᠡᠰᠬᠦᠯᠡᠩᠲᠦ ᠰᠠᠶᠢᠬᠠᠨ ᠬᠤᠳᠠ ᠬᠥᠳᠡᠭᠡ ᠶᠢᠨ ᠵᠢᠷᠤᠭ ᠲᠥᠯᠥᠪᠯᠡᠭᠡ ᠬᠢᠭᠡᠳ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠤᠨ ᠦᠢᠯᠡᠳᠦᠯᠭᠡ︾ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃      ᠢᠦᠶ ᠺᠦᠩ ᠵᠢᠶᠠᠨ ᠰᠣᠩᠭᠤᠳᠠᠭ ᠪᠣᠳᠠᠳᠤ ᠵᠢᠱᠢᠶ᠎ᠡ ᠨᠦᠭᠦᠳ ᠢ ᠠᠰᠢᠭᠯᠠᠨ᠂ ᠣᠯᠠᠨ ᠳᠤ ᠠᠮᠢᠳᠤᠯᠢᠭ ᠰᠠᠶᠢᠬᠠᠨ ᠬᠤᠲᠠ ᠶᠢᠨ ᠭᠤᠸ᠎ᠠ ᠰᠠᠶᠢᠬᠠᠨ ᠤ ᠬᠢᠴᠢᠶᠡᠯ᠂ ᠬᠥᠮᠦᠨ ᠪᠠᠶᠢᠭᠠᠯᠢ ᠡᠶ᠎ᠡ ᠵᠣᠬᠢᠴᠠᠯ ᠲᠠᠢ ᠬᠠᠮᠲᠤ  ᠤᠷᠤᠰᠢᠬᠤ ᠠᠮᠢ ᠠᠬᠤᠶ ᠶᠢᠨ ᠪᠣᠯᠪᠠᠰᠤᠨ ᠤ ᠬᠢᠴᠢᠶᠡᠯ ᠤᠷᠤᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠬᠦᠯᠬᠦ ᠳᠤ ᠮᠠᠰᠢ ᠴᠢᠩᠭ᠎ᠠ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠬᠢᠴᠢᠶᠡᠯ ᠪᠣᠯᠪᠠ᠃      ᠸᠠᠩ ᠯᠢ ᠰᠢᠶᠠ ᠬᠤᠷᠠᠯ ᠳᠡᠭᠡᠷ᠎ᠡ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠬᠠᠮᠲᠤ ᠠᠰᠠᠭᠤᠳᠠᠯ ᠢ ᠰᠤᠳᠤᠯᠬᠤ᠂ ᠠᠵᠢᠯ ᠢᠶᠠᠨ ᠠᠬᠢᠭᠤᠯᠬᠤ ᠦᠨᠳᠦᠰᠦᠨ ᠵᠢᠷᠤᠮᠯᠠᠯ  ᠪᠣᠯᠭᠠᠵᠤ᠂ ᠠᠮᠢ ᠠᠬᠤᠶ ᠶᠢ ᠤᠷᠢᠳᠠᠪᠡᠷ ᠪᠣᠳᠤᠯᠬᠢᠯᠠᠵᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠲᠥᠪ ᠬᠤᠲᠠ ᠶᠢ ᠨᠠᠩ ᠭᠤᠶᠤ ᠪᠣᠯᠭᠠᠨ ᠪᠦᠲᠦᠭᠡᠨ ᠪᠠᠶᠢᠭᠤᠯᠬᠤ ᠬᠡᠷᠡᠭᠳᠡᠢ ᠭᠡᠵᠡᠢ᠃      ᠸᠠᠩ ᠯᠢ ᠰᠢᠶᠠ ᠵᠢᠭᠠᠵᠤ ᠭᠠᠷᠭᠠᠭᠰᠠᠨ ᠨᠢ᠂ ᠬᠥᠬᠡᠬᠤᠲᠠ ᠨᠢ ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠬᠠᠯᠬᠠᠪᠴᠢ ᠶᠢᠨ ᠴᠢᠬᠤᠯᠠ ᠴᠡᠭ ᠪᠣᠯᠤᠭᠰᠠᠨ ᠤ ᠬᠤᠪᠢ ᠳᠤ᠂ ᠪᠦᠬᠦ ᠣᠷᠣᠨ᠂ ᠤᠮᠠᠷᠠᠲᠤ ᠣᠷᠣᠨ ᠴᠢᠨᠠᠭᠰᠢᠯᠠᠪᠠᠯ ᠪᠦᠬᠦ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠴᠥᠮ ᠣᠨᠴᠠᠭᠠᠶ ᠴᠢᠬᠤᠯᠠ ᠪᠠᠶᠢᠷᠢ ᠰᠠᠭᠤᠷᠢ ᠲᠠᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠡᠷᠬᠡᠪᠰᠢ ᠰᠡᠳᠬᠢᠴᠡ ᠪᠠᠨ ᠥᠷᠭᠡᠳᠭᠡᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠬᠥᠮᠦᠨ ᠢᠶᠠᠷ ᠦᠨᠳᠦᠰᠦ ᠪᠣᠯᠭᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠪᠠᠷᠢᠮᠳᠠᠯᠠᠵᠤ᠂ ︽ᠬᠤᠲᠠ ᠶᠢᠨ ᠭᠤᠸ᠎ᠠ ᠰᠠᠶᠢᠬᠠᠨ ᠤ ᠤᠬᠠᠭᠠᠨ︾ ᠤ ᠠᠵᠢᠯ ᠢ ᠰᠠᠶᠢᠲᠤᠷ ᠬᠢᠵᠦ᠂ ᠪᠦᠬᠦ ᠬᠦᠴᠦ ᠪᠠᠨ ᠤᠷᠤᠭᠤᠯᠤᠨ ︽ᠲᠠᠯ᠎ᠠ ᠨᠤᠲᠤᠭ ᠤᠨ ᠬᠤᠲᠠ︾ ᠶᠢ ᠪᠦᠲᠦᠭᠡᠨ ᠪᠠᠶᠢᠭᠤᠯᠵᠤ ︽ᠵᠣᠯ ᠵᠢᠷᠭᠠᠯᠲᠤ ᠲᠥᠪ ᠬᠤᠲᠠ︾ ᠶᠢ ᠴᠣᠭᠴᠠᠯᠠᠨ  ᠪᠠᠶᠢᠭᠤᠯᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠯᠦᠸᠧ ᠴᠢᠩ᠂ ᠾᠧ ᠬᠠᠢ ᠳ᠋ᠦᠩ ᠵᠢᠴᠢ ᠬᠤᠲᠠ ᠶᠢᠨ ᠡᠯ᠎ᠡ  ᠶᠡᠭᠡ ᠪᠠᠭ ᠤᠨ ᠤᠳᠤᠷᠢᠳᠬᠤ ᠨᠥᠬᠦᠳ᠂ ᠬᠤᠲᠠ ᠶᠢᠨ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号