2020 ᠣᠨ ᠤ 6 ᠳ᠋ᠤᠭᠠᠷ ᠰᠠᠷ᠎ᠠ ᠶᠢᠨ ᠬᠥᠬᠡᠬᠤᠲᠠ ᠶᠢᠨ ᠡᠳ᠋ ᠤᠨ ᠵᠠᠰᠠᠭ ᠤᠨ ᠲᠤᠰ ᠱᠠᠲᠤᠨ ᠤ ᠠᠷᠠᠳ ᠤᠨ ᠠᠮᠢᠳᠤᠷᠠᠯ ᠤᠨ ᠪᠡᠯᠡ ᠮᠥᠩᠭᠦ ᠶᠢᠨ ᠵᠠᠷᠤᠯᠭ᠎ᠠ ᠶᠢᠨ ᠪᠠᠶᠢᠳᠠᠯ ᠤᠨ ᠮᠡᠳᠡᠭᠡᠯᠡᠯ
ᠨᠡᠶᠢᠲᠡᠯᠡᠭᠰᠡᠨ ᠴᠠᠭ᠄
2020-08-07
     ᠨᠢᠭᠡ᠂ ᠨᠡᠶᠢᠭᠡᠮ ᠤᠨ ᠪᠠᠲᠤᠯᠠᠭ᠎ᠠ ᠪᠠ ᠣᠯᠠᠨ ᠨᠡᠶᠢᠲᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠲᠠᠯ᠎ᠠ ᠪᠠᠷ      ︵ᠨᠢᠭᠡ︶ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ      1.  ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠤᠨ ᠨᠡᠶᠢᠭᠡᠮ ᠤᠨ ᠳᠠᠭᠠᠳᠬᠠᠯ ᠤᠨ ᠨᠥᠬᠦᠪᠦᠷᠢ ᠪᠡᠯᠡ ᠮᠥᠩᠭᠦ 220.43 ᠲᠦᠮᠡᠨ ᠲᠥᠭᠦᠷᠢᠭ ᠪᠠᠭᠤᠯᠭᠠᠪᠠ᠃      2. ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠤᠨ ᠠᠵᠢᠯ ᠣᠯᠬᠤ ᠳᠠᠳᠤᠯᠭ᠎ᠠ ᠬᠢᠭᠰᠡᠨ ᠬᠥᠮᠥᠰ ᠤᠨ ᠠᠮᠢᠳᠤᠷᠠᠯ ᠤᠨ ᠨᠥᠬᠦᠪᠦᠷᠢ ᠪᠡᠯᠡ ᠮᠥᠩᠭᠦ 806.57 ᠲᠦᠮᠡᠨ ᠲᠥᠭᠦᠷᠢᠭ ᠪᠠᠭᠤᠯᠭᠠᠪᠠ᠃      3. ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ ᠤᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷᠠᠴᠤᠳ ᠤᠨ ᠨᠥᠬᠦᠪᠦᠷᠢ ᠪᠡᠯᠡ ᠮᠥᠩᠭᠦ 864.45 ᠲᠦᠮᠡᠨ ᠲᠥᠭᠦᠷᠢᠭ ᠪᠠᠭᠤᠯᠭᠠᠪᠠ᠃      4. ᠠᠵᠢᠯ ᠣᠯᠭᠤᠯᠲᠠ ᠶᠢᠨ ᠨᠥᠬᠦᠪᠦᠷᠢ ᠪᠡᠯᠡ ᠮᠥᠩᠭᠦ 2549.2 ᠲᠦᠮᠡᠨ ᠲᠥᠭᠦᠷᠢᠭ ᠪᠠᠭᠤᠯᠭᠠᠵᠤ᠂ ᠭᠤᠣᠯᠳᠠᠭᠤ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ᠂ ᠠᠵᠢᠯ ᠣᠯᠬᠤ ᠳᠤ ᠬᠦᠴᠢᠷᠲᠡᠢ ᠬᠥᠮᠥᠰ ᠤᠨ ᠠᠮᠢᠳᠤᠯᠢᠭ ᠢᠶᠠᠷ ᠠᠵᠢᠯ ᠣᠯᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ᠂ ᠠᠵᠢᠯ ᠤᠨ ᠪᠣᠯᠪᠠᠰᠤᠷᠠᠭᠤᠯᠤᠯ ᠳᠤ ᠬᠡᠷᠡᠭᠯᠡᠪᠡ᠃      5. 2019 ᠣᠨ ᠤ ᠳᠥᠷᠪᠡᠳᠦᠭᠡᠷ ᠤᠯᠠᠷᠢᠯ ᠤᠨ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠳᠠᠮ ᠬᠦᠦ ᠮᠥᠩᠭᠦ ᠶᠢᠨ ᠬᠤᠲᠠ ᠶᠢᠨ ᠱᠠᠲᠤᠨ ᠠᠴᠠ ᠢᠵᠢ ᠪᠦᠷᠢᠳᠦᠬᠦᠯᠬᠦ ᠪᠡᠯᠡ ᠮᠥᠩᠭᠦ 3.59 ᠲᠦᠮᠡᠨ ᠲᠥᠭᠦᠷᠢᠭ ᠪᠠᠭᠤᠯᠭᠠᠪᠠ᠃      6. ᠪᠡᠯᠡᠨ ᠵᠤᠭᠤᠰ ᠪᠣᠯᠭᠠᠵᠤ ᠥᠭᠬᠦ ᠨᠥᠬᠦᠪᠦᠷᠢ ᠪᠡᠯᠡ ᠮᠥᠩᠭᠦ 20 ᠲᠦᠮᠡᠨ ᠲᠥᠭᠦᠷᠢᠭ ᠪᠠᠭᠤᠯᠭᠠᠪᠠ᠃      7. 2020 ᠣᠨ ᠤ ᠨᠢᠭᠡᠳᠦᠭᠡᠷ ᠤᠯᠠᠷᠢᠯ ᠤᠨ ᠦᠢᠯᠡᠰ ᠪᠣᠰᠬᠠᠬᠤ ᠳᠠᠭᠠᠭᠠᠯᠲᠠ ᠲᠠᠢ ᠵᠢᠭᠡᠯᠡᠯᠭᠡ ᠶᠢᠨ ᠳᠠᠮ ᠬᠦᠦ ᠮᠥᠩᠭᠦ ᠶᠢᠨ ᠬᠤᠲᠠ ᠶᠢᠨ ᠱᠠᠲᠤᠨ ᠠᠴᠠ ᠢᠵᠢ ᠪᠦᠷᠢᠳᠦᠭᠦᠯᠬᠦ  ᠪᠡᠯᠡ ᠮᠥᠩᠭᠦ 19.92 ᠲᠦᠮᠡᠨ ᠲᠥᠭᠦᠷᠢᠭ ᠪᠠᠭᠤᠯᠭᠠᠪᠠ᠃      8. ᠬᠦᠴᠢᠷᠳᠡᠯᠲᠡᠢ ᠰᠤᠷᠤᠭᠴᠢ ᠶᠢᠨ ᠪᠠᠷᠠᠭ᠎ᠠ ᠶᠢᠨ ᠦᠨ᠎ᠡ ᠶᠢᠨ ᠲᠦᠷ ᠴᠠᠭ ᠤᠨ ᠨᠥᠬᠦᠪᠦᠷᠢ ᠪᠡᠯᠡ ᠮᠥᠩᠭᠦ 114.84 ᠲᠦᠮᠡᠨ ᠲᠥᠭᠦᠷᠢᠭ ᠪᠠᠭᠤᠯᠭᠠᠪᠠ᠃      9. ᠴᠡᠷᠢᠭ ᠤᠨ ᠠᠯᠪᠠ ᠠᠴᠠ ᠬᠠᠯᠠᠭᠳᠠᠭᠰᠠᠨ ᠴᠡᠷᠢᠭ ᠪᠠᠶᠢᠯᠳᠤᠭᠴᠢ ᠶᠢᠨ ᠨᠡᠶᠢᠭᠡᠮ ᠤᠨ ᠳᠠᠭᠠᠳᠬᠠᠯ ᠢ ᠵᠠᠯᠭᠠᠨ ᠦᠷᠭᠦᠯᠵᠢᠯᠡᠭᠦᠯᠬᠦ ᠠᠵᠢᠯ ᠤᠨ ᠨᠥᠬᠦᠪᠦᠷᠢ ᠪᠡᠯᠡ ᠮᠥᠩᠭᠦ 2400 ᠲᠦᠮᠡᠨ ᠲᠥᠭᠦᠷᠢᠭ ᠪᠠᠭᠤᠯᠭᠠᠪᠠ᠃      10. ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠭᠰᠡᠨ ᠵᠣᠭᠤᠰ ᠢ ᠲᠥᠯᠥᠬᠦ ᠳᠤ 1324.32 ᠲᠦᠮᠡᠨ ᠲᠥᠭᠦᠷᠢᠭ ᠪᠠᠭᠤᠯᠭᠠᠪᠠ᠃      ︵ᠬᠤᠶᠠᠷ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ      2020 ᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠥᠬᠦᠪᠦᠷᠢ ᠪᠡᠯᠡ ᠮᠥᠩᠭᠦ 3119 ᠲᠦᠮᠡᠨ ᠲᠥᠭᠦᠷᠢᠭ ᠪᠠᠭᠤᠯᠭᠠᠪᠠ᠃      ᠬᠤᠶᠠᠷ᠂ ᠰᠤᠷᠭᠠᠨ ᠬᠥᠮᠥᠵᠢᠯ ᠤᠨ ᠦᠢᠯᠡᠰ ᠢ ᠤᠷᠢᠳᠠᠪᠠᠷ ᠬᠥᠭᠵᠢᠭᠦᠯᠬᠦ ᠶᠢ ᠳᠡᠮᠵᠢᠭᠰᠡᠨ ᠲᠠᠯ᠎ᠠ ᠪᠠᠷ      1. ᠡᠩ ᠤᠨ ᠳᠡᠭᠡᠳᠦ ᠳᠤᠮᠳᠠᠳᠤ ᠶᠢᠨ ᠠᠯᠪᠠᠨ ᠳᠤ ᠬᠡᠷᠡᠭᠯᠡᠬᠦ ᠵᠠᠷᠤᠳᠠᠯ ᠤᠨ ᠬᠤᠲᠠ ᠶᠢᠨ ᠱᠠᠲᠤᠨ ᠠᠴᠠ ᠢᠵᠢ ᠪᠦᠷᠢᠳᠦᠭᠦᠯᠬᠦ ᠪᠡᠯᠡ ᠮᠥᠩᠭᠦ 1692 ᠲᠦᠮᠡᠨ ᠲᠥᠭᠦᠷᠢᠭ ᠪᠠᠭᠤᠯᠭᠠᠪᠠ᠃      2. ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠪᠠᠶᠢᠷᠢ ᠳᠤ ᠰᠠᠭᠤᠬᠤ ᠰᠤᠷᠤᠭᠴᠢ ᠶᠢᠨ ᠠᠮᠢᠳᠤᠷᠠᠯ ᠤᠨ ᠨᠥᠬᠦᠪᠦᠷᠢ ᠪᠡᠯᠡ ᠮᠥᠩᠭᠦ 76.57 ᠲᠦᠮᠡᠨ ᠲᠥᠭᠦᠷᠢᠭ ᠪᠠᠭᠤᠯᠭᠠᠪᠠ᠃      3. ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠰᠤᠷᠭᠠᠭᠤᠯᠢ ᠶᠢᠨ ᠠᠯᠪᠠᠨ ᠳᠤ ᠬᠡᠷᠡᠭᠯᠡᠬᠦ ᠵᠠᠷᠤᠳᠠᠯ ᠤᠨ ᠬᠤᠲᠠ ᠶᠢᠨ ᠱᠠᠲᠤᠨ ᠠᠴᠠ ᠢᠵᠢ ᠪᠦᠷᠢᠳᠦᠭᠦᠯᠬᠦ ᠪᠡᠯᠡ ᠮᠥᠩᠭᠦ 1545 ᠲᠦᠮᠡᠨ ᠲᠥᠭᠦᠷᠢᠭ ᠪᠠᠭᠤᠯᠭᠠᠪᠠ᠃      4. ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠪᠠᠶᠢᠷᠢ ᠳᠤ ᠰᠠᠭᠤᠵᠤ ᠪᠠᠶᠢᠭ᠎ᠠ ᠰᠤᠷᠤᠭᠴᠢ ᠶᠢᠨ ᠠᠮᠢᠳᠤᠷᠠᠯ ᠤᠨ ᠨᠥᠬᠦᠪᠦᠷᠢ ᠶᠢᠨ ᠬᠤᠲᠠ ᠶᠢᠨ ᠱᠠᠲᠤᠨ ᠠᠴᠠ ᠢᠵᠢ ᠪᠦᠷᠢᠳᠦᠭᠦᠯᠬᠦ ᠪᠡᠯᠡ ᠮᠥᠩᠭᠦ 300.1 ᠲᠦᠮᠡᠨ ᠲᠥᠭᠦᠷᠢᠭ ᠪᠠᠭᠤᠯᠭᠠᠪᠠ᠃      5. ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠬᠥᠭᠵᠢᠯᠲᠡ ᠶᠢᠨ ᠲᠤᠰᠬᠠᠢ ᠲᠥᠷᠥᠯ ᠤᠨ ᠪᠡᠯᠡ ᠮᠥᠩᠭᠦ 8799.8 ᠲᠦᠮᠡᠨ ᠲᠥᠭᠦᠷᠢᠭ ᠪᠠᠭᠤᠯᠭᠠᠪᠠ᠃      6. ᠦᠨᠳᠦᠰᠦᠨ ᠰᠤᠷᠭᠠᠨ ᠬᠥᠮᠥᠵᠢᠯ ᠤᠨ ᠲᠤᠰᠬᠠᠢ ᠲᠥᠷᠥᠯ ᠤᠨ ᠪᠡᠯᠡ ᠮᠥᠩᠭᠦ 10 ᠲᠦᠮᠡᠨ ᠲᠥᠭᠦᠷᠢᠭ ᠪᠠᠭᠤᠯᠭᠠᠪᠠ᠃      7. ᠣᠨᠴᠠᠭᠠᠢ ᠰᠤᠷᠭᠠᠨ ᠬᠥᠮᠥᠵᠢᠯ ᠤᠨ ᠲᠥᠪ ᠤᠨ ᠨᠥᠬᠦᠪᠦᠷᠢ ᠪᠡᠯᠡ ᠮᠥᠩᠭᠦ 60 ᠲᠦᠮᠡᠨ ᠲᠥᠭᠦᠷᠢᠭ ᠪᠠᠭᠤᠯᠭᠠᠪᠠ᠃      8. ᠳᠤᠮᠳᠠᠳᠤ ᠪᠠᠭ᠎ᠠ ᠰᠤᠷᠭᠠᠭᠤᠯᠢ ᠶᠢᠨ ᠵᠣᠷᠯᠣᠩ ᠢ ᠥᠭᠡᠷᠡᠴᠢᠯᠡᠬᠦ ᠲᠤᠰᠬᠠᠢ ᠲᠥᠷᠥᠯ ᠤᠨ ᠪᠡᠯᠡ ᠮᠥᠩᠭᠦ 2348 ᠲᠦᠮᠡᠨ ᠲᠥᠭᠦᠷᠢᠭ ᠪᠠᠭᠤᠯᠭᠠᠪᠠ᠃      ᠭᠤᠷᠪᠠ᠂ ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ ᠬᠦᠷᠳᠡᠭᠡᠬᠦ᠂ ᠠᠷᠠᠳ ᠲᠤ ᠠᠰᠢᠭ ᠬᠦᠷᠳᠡᠭᠡᠬᠦ ᠲᠠᠯ᠎ᠠ ᠪᠠᠷ      1. ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ ︵ᠲᠠᠷᠢᠶᠠᠨ ᠭᠠᠵᠠᠷ ᠤᠨ ᠴᠢᠨᠠᠷ ᠢ ᠰᠠᠶᠢᠵᠢᠷᠠᠭᠤᠯᠬᠤ ᠨᠥᠬᠦᠪᠦᠷᠢ︶ 2952 ᠲᠦᠮᠡᠨ ᠲᠥᠭᠦᠷᠢᠭ ᠪᠠᠭᠤᠯᠭᠠᠪᠠ᠃      2. ᠲᠥᠪ ᠤᠨ ᠲᠠᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠨᠥᠬᠦᠪᠦᠷᠢ ᠪᠡᠯᠡ ᠮᠥᠩᠭᠦ 23820 ᠲᠦᠮᠡᠨ ᠲᠥᠭᠦᠷᠢᠭ ᠪᠠᠭᠤᠯᠭᠠᠪᠠ᠃      3. ᠲᠥᠪ ᠤᠨ ᠬᠡᠰᠡᠭ ᠲᠠᠷᠢᠶᠠᠯᠠᠩ ᠤᠨ ᠨᠡᠭᠦᠯᠭᠡᠨ ᠰᠢᠯᠵᠢᠬᠦᠯᠬᠦ ᠳᠤ ᠲᠥᠯᠥᠬᠦ ᠲᠤᠰᠬᠠᠢ ᠪᠡᠯᠡ ᠮᠥᠩᠭᠦ 537 ᠲᠦᠮᠡᠨ ᠲᠥᠭᠦᠷᠢᠭ ᠪᠠᠭᠤᠯᠭᠠᠪᠠ᠃      4. ᠲᠥᠪ ᠤᠨ ᠲᠠᠷᠢᠶᠠᠯᠠᠩ ᠦᠢᠯᠡᠳᠪᠦᠷᠢᠯᠡᠯ ᠪᠠ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ 35 ᠲᠦᠮᠡᠨ ᠲᠥᠭᠦᠷᠢᠭ ᠪᠠᠭᠤᠯᠭᠠᠪᠠ᠃      5. ᠥᠪᠡᠷᠲᠡᠭᠡᠨ ᠵᠠᠰᠠᠬᠤ ᠣᠷᠣᠨ ᠤ ᠬᠡᠰᠡᠭ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠪᠡᠯᠡ ᠮᠥᠩᠭᠦ 362 ᠲᠦᠮᠡᠨ ᠲᠥᠭᠦᠷᠢᠭ ᠪᠠᠭᠤᠯᠭᠠᠪᠠ᠃      6. ︽ᠴᠢᠨᠠᠷ ᠰᠠᠶᠢᠲᠠᠢ ᠠᠮᠤ ᠪᠤᠳᠠᠭᠠᠨ ᠤ ᠢᠨᠵᠧᠨᠧᠷᠢᠩ︾ ᠤᠨ ᠪᠡᠯᠡ ᠮᠥᠩᠭᠦ 2676.23 ᠲᠦᠮᠡᠨ ᠲᠥᠭᠦᠷᠢᠭ ᠪᠠᠭᠤᠯᠭᠠᠪᠠ᠃      7. ᠠᠷᠠᠳ ᠲᠤ ᠠᠰᠢᠭ ᠬᠦᠷᠳᠡᠭᠡᠬᠦ ︽ᠪᠦᠷᠢᠨ ᠴᠢᠳᠠᠮᠵᠢᠲᠤ ᠺᠠᠷᠲ︾ ᠤᠨ ᠨᠥᠬᠦᠪᠦᠷᠢ ᠪᠡᠯᠡ ᠮᠥᠩᠭᠦ 19985.87 ᠲᠦᠮᠡᠨ ᠲᠥᠭᠦᠷᠢᠭ ᠪᠠᠭᠤᠯᠭᠠᠵᠤ᠂ ᠡᠭᠦᠨ ᠳᠤ ᠲᠠᠷᠢᠶᠠᠴᠢᠨ ᠤ ᠨᠥᠬᠦᠪᠦᠷᠢ ᠪᠡᠯᠡ ᠮᠥᠩᠭᠦ 18821.08 ᠲᠦᠮᠡᠨ ᠲᠥᠭᠦᠷᠢᠭ ᠪᠠᠶᠢᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠨᠥᠬᠦᠪᠦᠷᠢ ᠪᠡᠯᠡ ᠮᠥᠩᠭᠦ 1164.79 ᠲᠦᠮᠡᠨ ᠲᠥᠭᠦᠷᠢᠭ ᠪᠣᠢ᠃ ᠪᠦᠬᠦ ᠬᠤᠲᠠ ᠶᠢᠨ 90 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠤᠨ᠂ 1976537 ᠬᠥᠮᠥᠨ ᠤᠳᠠᠭ᠎ᠠ ᠲᠠᠷᠬᠠᠭᠠᠵᠤ᠂ ᠡᠭᠦᠨ ᠳᠤ ᠬᠥᠳᠡᠭᠡ ᠲᠣᠰᠬᠤᠨ ᠤ ᠨᠥᠬᠦᠪᠦᠷᠢ ᠶᠢᠨ ᠡᠵᠡᠨ 1827460 ᠬᠥᠮᠥᠨ ᠤᠳᠠᠭ᠎ᠠ ᠪᠠᠶᠢᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠨᠥᠬᠦᠪᠦᠷᠢ ᠶᠢᠨ ᠡᠵᠡᠨ 149077 ᠬᠥᠮᠥᠨ ᠪᠣᠢ᠃ ᠲᠠᠷᠬᠠᠭᠠᠭᠰᠠᠨ ᠪᠡᠯᠡ ᠮᠥᠩᠭᠦ ᠶᠢᠨ ᠨᠥᠬᠦᠪᠦᠷᠢ ᠨᠢ ᠨᠡᠶᠢᠲᠡ 9 ᠬᠦᠷᠢᠶ᠎ᠡ ᠴᠠᠷᠠᠭ᠎ᠠ ᠶᠢᠨ 62 ᠲᠥᠷᠥᠯ ᠤᠨ 79 ᠵᠦᠢᠯ ᠳᠤ ᠬᠤᠯᠪᠣᠭᠳᠠᠪᠠ      ︵ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠠᠯ᠎ᠠ ᠪᠠᠷ      ᠬᠤᠲᠠ ᠶᠢᠨ ᠲᠤᠰ ᠱᠠᠲᠤᠨ ᠤ ᠣᠨᠣᠪᠴᠢᠲᠠᠢ ᠪᠠᠷ ᠶᠠᠳᠠᠭᠤ ᠶᠢ ᠲᠡᠳᠬᠦᠬᠦ ᠠᠵᠢᠯ ᠤᠨ ᠵᠠᠷᠤᠳᠠᠯ ᠳᠤ 20 ᠲᠦᠮᠡᠨ ᠲᠥᠭᠦᠷᠢᠭ ᠪᠠᠭᠤᠯᠭᠠᠪᠠ᠃      ︵ᠭᠤᠷᠪᠠ︶ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ      ᠲᠥᠪ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠪᠡᠯᠡ ᠮᠥᠩᠭᠦ 7918 ᠲᠦᠮᠡᠨ ᠲᠥᠭᠦᠷᠢᠭ ᠪᠠᠭᠤᠯᠭᠠᠵᠤ᠂ ᠥᠪᠥᠷ ᠮᠣᠩᠭᠤᠯ ᠤᠨ ᠲᠣᠭᠲᠠᠬᠤ ᠰᠢᠶᠠᠨ ᠤ ᠮᠠ ᠳ᠋ᠢ ᠬᠤᠤ ᠤᠰᠤᠯᠠᠯᠲᠠ ᠶᠢᠨ ᠣᠷᠣᠨ ᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠦᠷᠭᠦᠯᠵᠢᠯᠡᠨ ᠪᠦᠲᠦᠭᠡᠨ ᠪᠠᠶᠢᠭᠤᠯᠬᠤ ᠪᠠ ᠤᠰᠤ ᠠᠷᠪᠢᠯᠠᠬᠤ ᠪᠠᠷ ᠥᠭᠡᠷᠡᠴᠢᠯᠡᠨ ᠥᠷᠭᠡᠳᠬᠡᠨ ᠪᠠᠶᠢᠭᠤᠯᠬᠤ ᠪᠠᠷᠢᠯᠭ᠎ᠠ ᠳᠤ ᠲᠤᠰᠬᠠᠢ ᠬᠡᠷᠡᠭᠯᠡᠪᠡ᠃      ︵ᠳᠥᠷᠪᠡ︶ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠠᠯ᠎ᠠ ᠪᠠᠷ      ᠲᠥᠪ ᠤᠨ ᠤᠰᠤᠨ ᠠᠰᠢᠭᠯᠠᠯᠲᠠ ᠶᠢᠨ ᠭᠠᠮᠰᠢᠭ ᠠᠴᠠ ᠠᠪᠤᠷᠠᠬᠤ ᠪᠡᠯᠡ ᠮᠥᠩᠭᠦ 59 ᠲᠦᠮᠡᠨ ᠲᠥᠭᠦᠷᠢᠭ ᠪᠠᠭᠤᠯᠭᠠᠪᠠ᠃      ᠳᠥᠷᠪᠡ᠂ ᠨᠡᠶᠢᠲᠡ ᠶᠢᠨ ᠵᠠᠮ ᠬᠠᠷᠢᠯᠴᠠᠭ᠎ᠠ ᠶᠢᠨ ᠬᠥᠭᠵᠢᠯᠲᠡ ᠶᠢ ᠳᠡᠮᠵᠢᠬᠦ ᠲᠠᠯ᠎ᠠ ᠪᠠᠷ      1. ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠡᠵᠡᠩᠨᠡᠯᠲᠡ ᠶᠢᠨ ᠨᠥᠬᠦᠪᠦᠷᠢ ᠳᠤ 3327.5 ᠲᠦᠮᠡᠨ ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ᠂ ᠨᠡᠶᠢᠲᠡ ᠶᠢᠨ ᠮᠠᠰᠢᠨ ᠲᠡᠷᠭᠡ ᠶᠢ ᠠᠷᠠᠴᠢᠯᠠᠵᠤ ᠬᠠᠮᠠᠭᠠᠯᠠᠬᠤ ᠵᠡᠷᠭᠡ ᠶᠡᠷᠦᠩᠬᠡᠢ ᠡᠵᠡᠩᠨᠡᠯᠲᠡ ᠳᠤ ᠬᠡᠷᠡᠭᠯᠡᠪᠡ᠃      2. ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠶᠢᠨ ᠪᠠᠶᠢᠭᠤᠯᠤᠯ ᠢᠶᠠᠨ ᠥᠭᠡᠷᠡᠴᠢᠯᠡᠬᠦ ᠪᠡᠯᠡ ᠮᠥᠩᠭᠦ 3220 ᠲᠦᠮᠡᠨ ᠲᠥᠭᠦᠷᠢᠭ ᠪᠠᠭᠤᠯᠭᠠᠵᠤ᠂ ᠭᠤᠣᠯᠳᠠᠭᠤ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠶᠢᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠤᠨ ᠮᠥᠩᠭᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠮᠥᠩᠭᠦ ᠵᠢᠴᠢ ᠲᠣᠰᠣ ᠬᠡᠢ᠂ ᠪᠠᠷᠢᠯᠭ᠎ᠠ ᠶᠢᠨ ᠥᠷᠢ ᠵᠡᠷᠭᠡ ᠳᠤ ᠬᠡᠷᠡᠭᠯᠡᠪᠡ᠃      3. ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠤᠨ ᠴᠣᠯ ᠴᠠᠬᠢᠯᠭᠠᠨ  ᠬᠦᠳᠡᠯᠭᠡᠭᠦᠷᠲᠦ ᠰᠢᠨ᠎ᠡ ᠡᠨᠧᠷᠭᠢ ᠶᠢᠨ  ᠮᠠᠰᠢᠨ ᠲᠡᠷᠭᠡ ᠶᠢᠨ ᠲᠦᠷᠢᠶᠡᠰᠦᠨ ᠮᠦᠩᠭᠦ 1694.92 ᠲᠦᠮᠡᠨ ᠲᠥᠭᠦᠷᠢᠭ ᠪᠠᠭᠤᠯᠭᠠᠪᠠ᠃      
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号