ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ
ᠨᠡᠶᠢᠲᠡᠯᠡᠭᠰᠡᠨ ᠴᠠᠭ᠄
2020-08-07
 
     2017 ᠣᠨ ᠳᠤ ᠪᠠᠶᠢᠭᠤᠯᠤᠭᠳᠠᠭᠰᠠᠨ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠣᠶᠣᠯ ᠤᠨ ᠴᠡᠴᠡᠷᠯᠢᠭ ᠨᠢ  ᠰᠢᠨ᠎ᠡ  ᠬᠤᠲᠠ ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠬᠤᠷᠮᠣᠶ ᠳᠤ ᠪᠠᠶᠢᠷᠢᠯᠠᠵᠤ᠂ ᠲᠤᠷᠠᠰᠤᠨ ᠰᠠᠨᠠᠭᠠᠯᠵᠠᠵᠤ ᠲᠤᠭᠤᠷᠢᠨ ᠦᠵᠡᠬᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ  ᠬᠦᠮᠦᠵᠢᠬᠦᠯᠬᠦ  ᠪᠠ ᠦᠢᠯᠡᠳᠦᠯᠭᠡᠵᠢᠬᠦᠯᠬᠦ᠂  ᠬᠤᠪᠢᠰᠬᠠᠯ ᠤᠨ ᠰᠣᠶᠣᠯ ᠢ ᠤᠯᠠᠮᠵᠢᠯᠠᠨ ᠪᠠᠳᠠᠷᠠᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠵᠡᠷᠭᠡ ᠠᠵᠢᠯᠯᠠᠭ᠎ᠠ ᠶᠢ ᠥᠷᠨᠢᠬᠦᠯᠵᠦ ᠪᠣᠯᠬᠤ ᠰᠣᠶᠣᠯ ᠤᠨ ᠦᠵᠡᠮᠵᠢ ᠶᠢᠨ ᠴᠡᠴᠡᠷᠯᠢᠭ ᠪᠣᠯᠤᠨ᠎ᠠ᠃ ᠴᠡᠴᠡᠷᠯᠢᠭ ᠢ ᠪᠠᠶᠢᠭᠤᠯᠤᠭᠰᠠᠨ ᠠᠴᠠ ᠨᠠᠰᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ︾ ᠤᠨ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠶᠢ ᠤᠯᠠᠨ ᠤᠳᠠᠭ᠎ᠠ ᠡᠷᠬᠢᠯᠡᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠭᠤᠷᠢᠨ ᠪᠠ ᠬᠤᠳᠠ ᠶᠢᠨ ᠲᠡᠰ‌‍ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ  ᠵᠢᠱᠢᠶ᠎ᠡ ᠦᠵᠡᠭᠦᠯᠬᠦ ᠰᠠᠭᠤᠷᠢᠨ ᠪᠣᠯᠤᠨ᠎ᠠ᠃      ᠴᠡᠴᠡᠷᠯᠢᠭ ᠲᠤ ᠠᠷᠠᠳ ᠤᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠶᠢ ᠪᠠᠷᠠᠯᠠᠵᠤ᠂ ᠡᠯ᠎ᠡ ᠲᠥᠷᠥᠯ ᠤᠨ ᠪᠤᠳᠠᠰ ᠤᠨ ᠦᠵᠡᠮᠵᠢ ᠶᠢ ᠲᠣᠭᠤᠷᠢᠨ ᠦᠵᠡᠵᠦ᠂ ᠳᠠᠯᠠᠨ ᠬᠠᠷ᠎ᠠ ᠠᠭᠤᠯᠠ ᠶᠢᠨ  ᠬᠤᠪᠢᠰᠬᠠᠯ ᠤᠨ ᠰᠤᠶᠤᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ ᠪᠣᠯᠣᠨ᠎ᠠ᠂ ᠪᠠᠰᠠ ᠲᠣᠮᠣ ᠬᠡᠯᠪᠡᠷᠢ ᠶᠢᠨ ᠠᠭᠤᠳᠠᠮ ᠲᠠᠯᠠᠪᠠᠢ ᠳᠤ ᠠᠵᠢᠯᠯᠠᠭ᠎ᠠ ᠡᠷᠬᠢᠯᠡᠵᠦ ᠪᠣᠯᠤᠨ᠎ᠠ᠃ ᠡᠭᠦᠨ ᠤ ᠬᠠᠮᠲᠤ᠂ ᠴᠡᠴᠡᠷᠯᠢᠭ ᠲᠤ ᠬᠤᠪᠢᠰᠬᠠᠯ ᠤᠨ ᠰᠤᠳᠤᠯᠭᠠᠨ ᠤ ᠲᠥᠪ᠂ ᠬᠡᠷ ᠤᠨ ᠰᠤᠷᠲᠠᠯ ᠴᠢᠬᠡᠴᠢ ᠵᠠᠰᠠᠭ ᠤᠨ ᠨᠣᠮ ᠤᠨ ᠥᠷᠥᠭᠡ᠂ VR ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠡᠶᠡᠴᠢᠯᠡᠨ ᠣᠶᠢᠯᠠᠭᠠᠬᠤ ᠣᠷᠳᠣᠨ ᠵᠡᠷᠭᠡ ᠶᠢ ᠨᠡᠭᠡᠭᠡᠵᠦ᠂ ᠣᠯᠠᠨ ᠡᠰᠢᠲᠦ ᠰᠣᠶᠣᠯ ᠢ ᠪᠡᠶᠡᠴᠢᠯᠡᠨ ᠣᠶᠢᠯᠠᠭᠠᠬᠤ ᠲᠥᠷᠥᠯ ᠤᠨ ᠠᠵᠢᠯᠯᠠᠭ᠎ᠠ ᠶᠢᠨ ᠲᠥᠷᠥᠯ ᠵᠦᠢᠯ ᠢ ᠭᠠᠷᠭᠠᠵᠠᠶ᠃ ᠵᠢᠷᠤᠭ ᠪᠣᠯ ᠪᠠᠭ᠎ᠠ ᠰᠤᠷᠭᠠᠭᠤᠯᠢ ᠶᠢᠨ ᠰᠤᠷᠤᠭᠴᠢᠳ ᠬᠤᠪᠢᠰᠬᠠᠯ ᠤᠨ ᠰᠣᠶᠣᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢ ᠣᠶᠢᠯᠠᠭᠠᠵᠤ ᠪᠠᠶᠢᠭ᠎ᠠ ᠨᠢ᠃                         ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号