ᠬᠥᠬᠡᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠣᠯᠠᠨ ᠵᠦᠢᠯ ᠤᠨ ᠠᠷᠭ᠎ᠠ ᠮᠠᠶ᠋ᠢᠭ ᠢᠶᠠᠷ ᠨᠡᠶᠢᠭᠡᠮ ᠤᠨ ᠳᠠᠭᠠᠳᠬᠠᠯ  ᠰᠦᠢᠳᠭᠡᠯ ᠲᠤᠰᠢᠶᠠᠬᠤ ᠲᠤᠬᠠᠢ ᠬᠢᠨᠠᠨ ᠬᠠᠷᠭᠤᠭᠤᠯᠤᠯ ᠬᠢᠵᠦ ᠪᠣᠯᠤᠨ᠎ᠠ
ᠨᠡᠶᠢᠲᠡᠯᠡᠭᠰᠡᠨ ᠴᠠᠭ᠄
2020-08-07
    ᠰᠤᠷᠪᠤᠯᠵᠢᠯᠠᠭᠴᠢ 8 ᠰᠠᠷ᠎ᠠ ᠶᠢᠨ 6 ᠤ ᠡᠳᠦᠷ ᠬᠦᠬᠡᠬᠤᠳᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2020 ᠣᠨ ᠤ ᠠᠮᠢᠳᠤᠯᠢᠭ ᠢᠶᠠᠷ ᠠᠵᠢᠯ ᠣᠯᠵᠤ ᠳᠠᠭᠠᠳᠬᠠᠯ ᠳᠤ ᠣᠷᠣᠭᠰᠠᠨ ᠬᠥᠮᠦᠰ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠲᠤᠬᠠᠢ ᠬᠢᠨᠠᠨ ᠬᠠᠷᠭᠤᠭᠤᠯᠤᠯ ᠬᠢᠬᠦ ᠠᠵᠢᠯ ᠲᠦᠷᠦᠭᠦᠬᠡᠨ ᠡᠬᠢᠯᠡᠪᠡ᠃ ᠡᠨᠡ ᠵᠢᠯ᠂ ᠠᠮᠢᠳᠤᠯᠢᠭ ᠢᠶᠠᠷ ᠠᠵᠢᠯ ᠣᠯᠤᠭᠰᠠᠳ ︽ᠬᠦᠬᠡᠬᠤᠲᠠ ᠶᠢᠨ ᠤᠶᠤᠨᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ︾  ᠤᠨ ᠭᠠᠷ ᠤᠲᠠᠰᠤᠨ ᠤ App᠂ ᠬᠦᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠪᠢ ᠬᠥᠮᠦᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ ᠬᠦᠢᠴᠡᠳᠭᠡᠬᠦ ᠲᠢᠩᠬᠢᠮ ᠂ ︽12333︾ ᠠᠰᠠᠭᠤᠨ ᠯᠠᠪᠯᠠᠬᠤ  ᠦᠢᠯᠡᠴᠢᠯᠡᠭᠡᠨ ᠤ ᠬᠠᠯᠠᠮᠰᠢᠯ ᠤᠲᠠᠰᠤ ᠵᠢᠴᠢ ᠥᠪᠡᠰᠦᠪᠡᠨ ᠦᠢᠯᠡᠴᠢᠯᠡᠬᠦ ᠨᠢᠭᠡ ᠴᠣᠭᠴᠠᠳᠤ ᠮᠠᠰᠢᠨ ᠢᠶᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠤᠯ ᠬᠢᠵᠦ ᠪᠣᠯᠤᠨ᠎ᠠ᠃    ᠣᠶᠢᠯᠠᠭᠠᠭᠰᠠᠨ ᠢᠶᠠᠷ᠂ ᠳᠡᠭᠡᠷ᠎ᠡ ᠳᠤᠷᠠᠳᠤᠭᠰᠠᠨ ᠠᠷᠭ᠎ᠠ ᠬᠡᠯᠪᠡᠷᠢ ᠠᠴᠠ ᠭᠠᠳᠠᠨ᠎ᠠ᠂ ᠠᠮᠢᠳᠤᠯᠢᠭ ᠢᠶᠠᠷ ᠠᠵᠢᠯ ᠤᠯᠤᠬᠰᠠᠨ ᠨᠡᠢᠭᠡᠮ ᠤᠨ ᠲᠠᠭᠠᠳᠬᠠᠯ ᠳᠤ ᠤᠷᠤᠬᠰᠠᠳ ᠪᠠᠰᠠ ᠬᠤᠲᠠ ᠶᠢᠨ ᠳᠥᠷᠪᠡᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠨᠡᠭᠡᠭᠡᠨ ᠬᠥᠭᠵᠢᠭᠦᠯᠬᠦ ᠲᠤᠭᠤᠷᠢᠭ ᠤᠨ ᠵᠠᠰᠠᠭ ᠤᠨ ᠶᠠᠪᠤᠳᠠᠯ ᠤᠨ ᠶᠡᠭᠡ ᠲᠢᠩᠬᠢᠮ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︵ᠡᠨᠡ ᠵᠢᠯ ᠠᠵᠢᠯ ᠶᠠᠪᠤᠳᠠᠯ  ᠬᠦᠢᠴᠡᠳᠭᠡᠬᠦ 37 ᠲᠣᠤᠷ ᠴᠢᠬ ᠰᠢᠨ᠎ᠡ ᠪᠠᠷ ᠭᠠᠷᠭᠠᠪᠠ︶ ᠢ ᠰᠣᠩᠭᠤᠵᠤ ᠤᠶᠢᠷ᠎ᠡ ᠬᠠᠪᠢ ᠳᠠᠭᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠭᠡᠯ ᠢᠶᠠᠨ ᠬᠢᠨᠠᠨ ᠬᠠᠷᠭᠤᠭᠤᠯᠵᠤ ᠪᠣᠯᠤᠨ᠎ᠠ᠃ ᠳᠣᠤᠷᠠᠬᠢ ᠲᠠᠪᠤᠨ ᠲᠥᠷᠥᠯ ᠤᠨ ᠬᠥᠮᠦᠰ ᠡᠯ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠢᠴᠢ ᠬᠡᠷᠡᠭ ᠡᠷᠬᠢᠯᠡᠬᠦ ᠭᠠᠵᠠᠷ ᠲᠤ ᠬᠦᠷᠴᠦ  ᠰᠦᠢᠳᠭᠡᠯ ᠲᠤᠰᠢᠶᠠᠬᠤ ᠲᠤᠬᠠᠢ ᠮᠡᠳᠡᠭᠡ ᠵᠠᠩᠭᠢ ᠪᠠᠨ ᠬᠢᠨᠠᠨ ᠬᠠᠷᠭᠤᠭᠤᠯᠤᠯ ᠬᠢᠬᠦ ᠬᠡᠷᠡᠭᠲᠡᠶ᠄ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠠᠩᠬ᠎ᠠ ᠤᠳᠠᠭ᠎ᠠ ᠤᠷᠤᠬᠰᠠᠨ ᠠᠮᠢᠳᠤᠯᠢᠭ ᠢᠶᠠᠷ ᠠᠵᠢᠯ ᠣᠯᠤᠭᠰᠠᠳ︔ ᠲᠤᠬᠠᠶ ᠶᠢᠨ ᠵᠢᠯ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ  ᠰᠦᠢᠳᠭᠡᠯ ᠲᠤᠰᠢᠶᠠᠵᠦ  ᠪᠠᠶᠢᠬᠰᠠᠨ ᠲᠠᠰ ᠢᠶᠠᠨ ᠦᠭᠡᠷᠡᠴᠢᠯᠡᠨ ᠬᠤᠪᠢᠷᠠᠭᠤᠯᠬᠤ ᠪᠠᠷ ᠪᠠᠶᠢᠭ᠎ᠠ ᠳᠠᠭᠠᠳᠬᠠᠯ ᠳᠤ ᠣᠷᠣᠭᠰᠠᠳ︔ ︽ᠨᠡᠶᠢᠭᠡᠮ ᠤᠨ ᠳᠠᠭᠠᠳᠬᠠᠯ ᠤᠨ ᠨᠥᠬᠦᠪᠥᠷᠢ ᠭᠥᠷᠳᠡᠵᠤ︾  ᠪᠠᠶᠢᠭ᠎ᠠ ᠠᠵᠢᠯ ᠠᠯᠳᠠᠭᠰᠠᠳ ᠤᠨ ᠳᠠᠭᠠᠳᠬᠠᠯ ᠲᠤᠰᠢᠶᠠᠬᠤ ᠴᠢᠬᠤᠯᠠᠲᠠᠶ ᠳᠠᠭᠠᠳᠬᠠᠯ ᠳᠤ ᠣᠷᠣᠭᠰᠠᠳ ︵ᠵᠥᠪᠬᠡᠨ ᠬᠠᠷᠢᠶ᠎ᠠ ᠬᠡᠷᠡᠭ ᠡᠷᠬᠢᠯᠡᠬᠦ ᠭᠠᠵᠠᠷ ᠲᠠᠭᠠᠨ ᠬᠦᠢᠴᠡᠳᠭᠡᠨ᠎ᠡ︶︔ ᠪᠠᠶᠢᠭᠤᠯᠤᠯᠭ᠎ᠠ ᠨᠢᠭᠡᠴᠡ ᠶᠢᠨ ᠠᠵᠢᠯ ᠠᠴᠠ ᠪᠠᠨ ᠰᠠᠯᠤᠬᠰᠠᠨ ᠦᠷᠭᠦᠯᠵᠢᠯᠡᠨ ᠳᠠᠭᠠᠳᠬᠠᠯ ᠲᠤᠰᠢᠶᠠᠬᠤ ᠴᠢᠬᠤᠯᠠᠲᠠᠶ ᠬᠥᠮᠦᠰ︔ ᠲᠠᠩᠰᠠ ᠡᠪᠬᠡᠮᠡᠯ ᠨᠢ ᠲᠠᠰᠤᠷᠠᠭᠰᠠᠨ ᠠᠮᠢᠳᠤᠯᠢᠭ ᠢᠶᠠᠷ ᠠᠵᠢᠯ ᠣᠯᠤᠬᠰᠠᠨ ᠳᠠᠭᠠᠳᠬᠠᠯ ᠳᠤ ᠣᠷᠣᠭᠰᠠᠨ ᠬᠥᠮᠦᠰ ︵ᠳᠠᠷᠤᠶ 2019 ᠣᠨ ᠤ 12 ᠰᠠᠷ᠎ᠠ ᠠᠴᠠ ᠡᠮᠦᠨ᠎ᠡ ᠬᠢᠨᠠᠨ ᠬᠠᠷᠭᠤᠭᠤᠯᠤᠯ ᠬᠢᠭᠰᠡᠨ ᠥᠬᠡᠶ ᠬᠥᠮᠦᠰ︶ ᠪᠤᠯᠤᠨ᠎ᠠ᠃  ᠰᠤᠷᠪᠤᠯᠵᠢᠯᠠᠭᠴᠢ ᠰᠤᠷᠪᠤᠯᠵᠢᠯᠠᠬᠤ ᠶᠠᠪᠤᠴᠠ ᠳᠤ ᠣᠶᠢᠯᠠᠭᠠᠭᠰᠠᠨ ᠢᠶᠠᠷ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠠᠵᠢᠯ ᠶᠠᠪᠤᠳᠠᠯ ᠪᠦᠲᠦᠭᠡᠬᠦ ᠳᠤ ᠠᠭᠤᠯᠵᠠᠬᠤ ᠦᠭᠡᠢ᠂ ᠬᠠᠮᠤᠭ ᠤᠯᠠᠨ ᠳᠠᠭᠠᠨ ᠨᠢᠭᠡ ᠯᠡ ᠤᠳᠠᠭ᠎ᠠ ᠬᠦᠶᠦᠬᠦ︾ ᠠᠵᠢᠯ ᠤᠨ  ᠤᠶᠢᠯᠠᠭᠠᠬᠳᠠᠬᠤᠨ ᠢ ᠪᠡᠶᠡᠯᠡᠭᠦᠯᠬᠦ ᠶᠢᠨ ᠲᠤᠰᠠᠳᠠ᠂ ᠡᠨᠡ ᠵᠢᠯ ᠬᠦᠬᠡᠬᠤᠲᠠ ᠦᠷᠭᠦᠯᠵᠢᠯᠡᠨ ᠳᠠᠭᠠᠳᠬᠠᠯ ᠲᠤᠰᠢᠶᠠᠬᠤ ᠠᠮᠢᠳᠤᠯᠢᠭ ᠢᠶᠠᠷ ᠠᠵᠢᠯ ᠣᠯᠤᠭᠰᠠᠨ ᠬᠤᠪᠢ ᠬᠦᠮᠦᠨ ᠳᠤ ᠤᠷᠢᠳᠴᠢᠯᠠᠨ ᠪᠤᠯᠵᠤᠵᠤ ᠬᠢᠨᠠᠨ ᠬᠠᠷᠭᠤᠭᠤᠯᠤᠯ ᠬᠢᠬᠦ ᠲᠤᠬᠠᠶᠢᠯᠠᠭᠰᠠᠨ ᠠᠵᠢᠯ ᠢ ᠦᠷᠭᠦᠯᠵᠢᠯᠡᠨ ᠬᠡᠷᠡᠭᠵᠢᠭᠦᠯᠵᠦ ᠪᠤᠢ᠃ ᠲᠤᠬᠠᠶᠢᠯᠠᠪᠠᠯ 2019 ᠣᠨ ᠤ 12 ᠰᠠᠷ᠎ᠠ ᠬᠦ᠋ᠷᠳᠡᠯ᠎ᠡ ᠨᠢᠭᠡᠨᠲᠡ ᠰᠦᠢᠳᠭᠡᠯ ᠢᠶᠠᠨ ᠲᠤᠰᠢᠶᠠᠭᠰᠠᠨ ᠲᠠᠭᠠᠳᠬᠠᠯ ᠳᠤ ᠤᠷᠤᠬᠰᠠᠳ ᠨᠢ ᠠᠮᠢᠳᠤᠯᠢᠭ ᠢᠶᠠᠷ ᠠᠵᠢᠯ ᠣᠯᠤᠭᠰᠠᠨ ᠬᠤᠪᠢ ᠬᠦᠮᠦᠨ ᠤ ᠲᠦᠷᠦᠬᠦᠦ ᠵᠢᠯ ᠤᠨ ᠡᠵᠡᠨ ᠮᠡᠳᠡᠵᠦ ᠰᠣᠩᠭᠤᠭᠰᠠᠨ ᠰᠦᠢᠳᠭᠡᠯ ᠲᠤᠰᠢᠶᠠᠬᠤ ᠲᠠᠰ ᠤᠨ ᠶᠣᠰᠣᠭᠠᠷ ᠡᠨᠡ ᠵᠢᠯ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢᠶᠠᠨ ᠲᠤᠰᠢᠶᠠᠬᠤ ᠳᠠᠭᠠᠨ ᠤᠷᠢᠳᠴᠢᠯᠠᠨ ᠪᠤᠯᠵᠤᠵᠦ ᠨᠢᠭᠡᠳᠦᠯᠳᠡᠢ ᠬᠢᠨᠠᠨ ᠬᠠᠷᠭᠤᠭᠤᠯᠤᠯ ᠬᠢᠨ᠎ᠡ ︵ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠡᠨᠡ ᠵᠢᠯ ᠬᠠᠮᠤᠭ ᠤᠨ ᠳᠣᠤᠷ᠎ᠠ ᠨᠢᠭᠡ ᠲᠠᠰ ᠢ ᠨᠡᠮᠡᠪᠡ᠄ 2018 ᠣᠨ ᠤ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠪᠠᠶᠢᠭᠤᠯᠤᠯᠭ᠎ᠠ ᠨᠢᠭᠡᠴᠡ ᠳᠤ ᠠᠵᠢᠯᠯᠠᠵᠤ ᠪᠠᠶᠢᠭ᠎ᠠ ᠬᠦᠮᠦᠰ ᠤᠨ ᠰᠠᠷ᠎ᠠ ᠶᠢᠨ ᠳᠤᠮᠳᠠᠴᠢ ᠴᠠᠯᠢᠩ ᠤᠨ 5257 ᠲᠥᠭᠦᠷᠢᠭ ᠤᠨ 60% ᠪᠠᠷ ᠬᠢᠨᠠᠨ ᠲᠣᠭᠲᠠᠭᠠᠨ᠎ᠠ᠂ ᠤᠷᠢᠳᠴᠢᠯᠠᠨ ᠪᠤᠯᠵᠤᠵᠤ ᠬᠢᠨᠠᠨ ᠬᠠᠷᠭᠤᠭᠤᠯᠤᠯ ᠬᠢᠭᠰᠡᠨ ᠳᠠᠭᠠᠳᠬᠠᠯ ᠳᠤ ᠣᠷᠣᠭᠰᠠᠳ ᠰᠦᠢᠳᠭᠡᠯ ᠲᠤᠰᠢᠶᠠᠬᠤ ᠠᠴᠠ ᠪᠠᠨ ᠡᠮᠦᠨ᠎ᠡ ︽ᠬᠥᠬᠡᠬᠤᠲᠠ ᠶᠢᠨ ᠤᠶᠤᠨᠲᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠢᠩᠭᠢᠮ︾ ᠤᠨ ᠭᠠᠷ ᠤᠲᠠᠰᠤᠨ ᠤ App᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠪᠢ ᠬᠥᠮᠦᠨ ᠤ ᠰᠦᠯᠵᠢᠶᠡᠨ ᠳᠡᠭᠡᠷ᠎ᠡ ᠠᠵᠢᠯ ᠶᠠᠪᠤᠳᠠᠯ  ᠬᠦᠢᠴᠡᠳᠭᠡᠬᠦ ᠲᠢᠩᠬᠢᠮ᠂ 12333 ᠠᠰᠠᠭᠤᠨ ᠯᠠᠪᠯᠠᠬᠤ ᠦᠢᠯᠡᠴᠢᠯᠡᠭᠡᠨ ᠤ ᠬᠠᠯᠠᠮᠰᠢᠯ ᠤᠲᠠᠰᠤ᠂ ᠥᠪᠡᠰᠦᠪᠡᠨ ᠦᠢᠯᠡᠴᠢᠯᠡᠬᠦ‍ ᠨᠢᠭᠡ ᠴᠤᠬᠳᠤ ᠮᠠᠰᠢᠨ ᠵᠢᠴᠢ ᠡᠯ᠎ᠡ ᠲᠣᠭᠤᠷᠢᠭ ᠤᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠶᠡᠭᠡ ᠲᠢᠩᠬᠢᠮ ᠢᠶᠠᠷ ᠲᠠᠮᠵᠢᠭᠤᠯᠤᠨ ᠥᠪᠡᠰᠦᠪᠡᠨ ᠦᠭᠡᠷᠡᠴᠢᠯᠡᠨ ᠬᠤᠪᠢᠷᠠᠭᠤᠯᠬᠤ ᠰᠤᠩᠭᠤᠯᠳᠠ ᠬᠢᠵᠦ ᠪᠣᠯᠤᠨ᠎ᠠ︶᠃ ᠬᠡᠷᠪᠡ ᠳᠠᠭᠠᠳᠬᠠᠯ ᠳᠤ ᠣᠷᠣᠬᠰᠠᠳ ᠨᠢ ᠰᠦᠢᠳᠬᠡᠯ ᠲᠤᠰᠢᠶᠠᠬᠤ ᠳᠡᠰ ᠢᠶᠠᠨ ᠥᠭᠡᠷᠡᠴᠢᠯᠡᠨ ᠬᠤᠪᠢᠷᠠᠭᠤᠯᠬᠤ ᠦᠭᠡᠢ ᠳᠤ ᠬᠦᠷᠪᠡᠯ᠂ ᠲᠣᠰ ᠬᠥᠮᠦᠨ ᠤ ᠪᠡᠶ᠎ᠡ ᠶᠢᠨ ᠦᠨᠡᠮᠯᠡᠯ ᠤᠨ ᠤᠤᠯ ᠪᠢᠴᠢᠭ ᠪᠤᠶᠤ ᠡᠷᠦᠬᠡ ᠠᠮᠠ ᠶᠢᠨ ᠳᠡᠪᠲᠡᠷ ᠢᠶᠠᠨ ᠠᠪᠴᠤ ᠰᠢᠭᠤᠳ ᠣᠶᠢᠷ᠎ᠠ ᠬᠠᠪᠢ ᠶᠢᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠬᠦᠷᠴᠦ  ᠰᠦᠢᠳᠭᠡᠯ ᠲᠤᠰᠢᠶᠠᠵᠤ ᠪᠣᠯᠤᠨ᠎ᠠ ᠂ ᠰᠦᠢᠳᠭᠡᠯ ᠲᠤᠰᠢᠶᠠᠬᠤ ᠠᠴᠠ ᠡᠮᠦᠨ᠎ᠡ ᠰᠦᠢᠳᠭᠡᠯ ᠲᠤᠰᠢᠶᠠᠬᠤ ᠲᠠᠰ ᠵᠢᠴᠢ ᠰᠦᠢᠳᠭᠡᠯ ᠲᠤᠰᠢᠶᠠᠠᠬᠤ ᠵᠣᠭᠤᠰ ᠤᠨ ᠲᠤᠭ᠎ᠠ ᠪᠠᠨ ᠨᠠᠷᠢᠨ ᠬᠢᠨᠠᠮᠠᠭᠠᠶ ᠬᠠᠷᠭᠤᠭᠤᠯᠬᠤ ᠬᠡᠷᠡᠭᠲᠡᠶ᠃ ᠠᠩᠬᠠᠷᠤᠭᠤᠰᠢᠲᠠᠶ ᠨᠢ᠂ ᠦᠷᠭᠦᠯᠵᠢᠯᠡᠨ ᠳᠠᠭᠠᠳᠬᠠᠯ ᠳᠤ ᠤᠷᠤᠬᠤ ᠠᠮᠢᠳᠤᠯᠢᠭ ᠢᠶᠠᠷ ᠠᠵᠢᠯ ᠣᠯᠤᠭᠰᠠᠳ ᠤᠨ ᠲᠣᠰ ᠵᠢᠯ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠢᠶᠠᠨ ᠬᠢᠨᠠᠨ ᠬᠠᠷᠭᠤᠭᠤᠯᠵᠤ ᠰᠦᠢᠳᠭᠡᠯ ᠲᠤᠰᠢᠶᠠᠬᠤ ᠴᠠᠭ ᠬᠤᠭᠤᠴᠠᠭ᠎ᠠ ᠨᠢ 2020 ᠣᠨ ᠤ 12 ᠰᠠᠷ᠎ᠠ ᠶᠢᠨ 20 ᠤ ᠡᠳᠦᠷ ᠲᠠᠭᠤᠰᠤᠨ᠎ᠠ︔ ᠨᠡᠶᠢᠭᠡᠮ ᠤᠨ ᠳᠠᠭᠠᠳᠬᠠᠯ ᠤᠨ ᠨᠥᠬᠦᠪᠥᠷᠢ  ᠬᠦᠷᠳᠡᠵᠦ ᠪᠠᠶᠢᠭ᠎ᠠ ᠠᠵᠢᠯ ᠤᠯᠬᠤ ᠳᠤ ᠬᠦᠴᠢᠷᠲᠡᠶ ᠬᠥᠮᠦᠰ ᠤᠨ ᠲᠣᠰ ᠵᠢᠯ ᠤᠨ ᠠᠵᠢᠯ ᠠᠯᠳᠠᠯᠲᠠ ᠶᠢᠨ ᠳᠠᠭᠠᠳᠬᠠᠯ ᠢ ᠬᠢᠨᠠᠨ ᠬᠠᠷᠭᠤᠭᠤᠯᠵᠤ ᠰᠦᠢᠳᠭᠡᠯ ᠲᠤᠰᠢᠶᠠᠬᠤ ᠴᠠᠬ ᠬᠤᠭᠤᠴᠠᠭ᠎ᠠ ᠨᠢ 2020 ᠣᠨ ᠤ 12 ᠰᠠᠷ᠎ᠠ ᠶᠢᠨ 20 ᠤ ᠡᠳᠦᠷ ᠲᠠᠭᠤᠰᠤᠨ᠎ᠠ᠃ ︵ᠬᠥᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠮᠢᠶᠣᠣ ᠴᠢᠩ︶
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号