ᠴᠡᠯᠡᠭᠡᠷ ᠲᠠᠯ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠫᠠᠶᠢᠰᠠ ᠰᠡᠬᠦᠬᠦ ᠶᠤᠰᠤᠯᠠᠯ ᠶᠠᠪᠤᠬᠲᠠᠵᠠᠢ
ᠨᠡᠶᠢᠲᠡᠯᠡᠭᠰᠡᠨ ᠴᠠᠭ᠄
2020/9/1
ᠯᠢ ᠱᠤ᠋ ᠮᠢᠩ  ᠯᠢ ᠪᠢᠩ ᠷᠦᠩ ᠪᠠᠶᠠᠷ ᠤᠨ ᠦᠭᠡ ᠬᠡᠯᠡᠵᠡᠢ     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠵᠧᠩ ᠰᠢᠤᠸᠠᠢ ᠯᠢᠶᠠᠩ︶ 8 ᠰᠠᠷ᠎ᠠ ᠶᠢᠨ 29 ᠤ ᠡᠳᠤᠷ᠂ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠲᠤᠷᠰᠢᠯᠲᠠ ᠶᠢᠨ ᠴᠡᠭ ᠤᠨ ᠪᠦᠳᠤᠬᠡᠨ ᠪᠠᠶᠢᠭᠤᠯᠤᠯᠲᠠ ᠶᠢᠨ ᠠᠵᠢᠯ ᠡᠬᠢᠯᠡᠬᠦ ᠬᠤᠷᠠᠯ ᠬᠦᠬᠡᠬᠤᠳᠠ ᠳᠤ ᠬᠤᠷᠠᠯᠳᠤᠵᠤ᠂ ᠬᠤᠷᠠᠯ ᠳᠡᠭᠡᠷ᠎ᠡ ᠴᠡᠯᠡᠬᠡᠷ ᠲᠠᠯ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠫᠠᠶᠢᠰᠠ ᠰᠡᠬᠦᠬᠦ ᠶᠤᠰᠤᠯᠠᠯ ᠶᠠᠪᠤᠭᠤᠯᠵᠤ᠂ ᠴᠡᠯᠡᠬᠡᠷ ᠲᠠᠯ᠎ᠠ ᠤᠯᠤᠰ ᠤᠨ ᠪᠠᠶᠢᠭᠠᠯᠢ ᠶᠢᠨ ᠴᠡᠴᠡᠷᠯᠢᠭ ᠢᠶᠠᠷ ᠲᠦᠯᠤᠬᠡᠯᠡᠬᠦᠯᠦᠭᠰᠡᠨ ᠪᠦᠬᠦ ᠤᠯᠤᠰ ᠤᠨ ᠠᠩᠬᠠᠳᠠᠬᠴᠢ 39 ᠪᠦᠯᠦᠭ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠵᠢᠩᠬᠢᠨᠢ ᠪᠠᠷ ᠲᠤᠷᠰᠢᠯᠲᠠ ᠶᠢᠨ ᠴᠡᠭ ᠤᠨ ᠪᠦᠳᠤᠬᠡᠨ ᠪᠠᠶᠢᠭᠤᠯᠤᠯᠳᠠ ᠪᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠤᠪᠴᠢᠶᠠᠨ ᠤ ᠲᠡᠳ᠋ ᠳᠠᠷᠤᠭ᠎ᠠ ᠯᠢ ᠱᠤ᠋ ᠮᠢᠩ᠂ ᠥᠪᠡᠷᠲᠡᠭᠡᠨ ᠵᠠᠰᠠᠬᠤ ᠣᠷᠣᠨ ᠤ ᠲᠡᠳ᠋ ᠲᠡᠷᠢᠬᠦᠯᠡᠭᠴᠢ ᠯᠢ ᠪᠢᠩ ᠷᠦᠩ ᠬᠤᠷᠠᠯ ᠳᠤ ᠤᠷᠤᠯᠴᠠᠵᠦ ᠪᠠᠶᠠᠷ ᠤᠨ ᠦᠬᠡ ᠶᠠᠷᠢᠵᠠᠢ᠃     ᠯᠢ ᠱᠤ᠋ ᠮᠢᠩ᠂ ᠶᠠᠷᠤᠩᠬᠡᠢ ᠱᠦᠵᠢ ᠰᠢ ᠶᠢᠨ ᠫᠢᠩ ᠲᠠᠯ᠎ᠠ ᠨᠤᠲᠤᠭ ᠯᠤᠭ᠎ᠠ ᠰᠡᠳᠬᠢᠯ ᠵᠢᠷᠤᠬᠡ ᠪᠠᠨ ᠬᠤᠯᠪᠤᠵᠤ ᠂ ᠲᠠᠯ᠎ᠠ ᠨᠤᠲᠤᠭ ᠢ ᠬᠠᠶᠢᠷᠠᠯᠠᠨ ᠬᠠᠯᠠᠮᠵᠢᠯᠠᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠤ ᠨᠤᠳᠤᠭ ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠨᠢᠬᠡᠳᠤᠯᠳᠠᠢ ᠲᠦᠯᠤᠪᠵᠢᠬᠦᠯᠤᠨ᠂ ᠨᠤᠳᠤᠬ ᠪᠡᠯᠴᠢᠭᠡᠷ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠨᠤᠳᠤᠬ ᠪᠡᠯᠴᠢᠭᠡᠷ ᠢ ᠠᠰᠢᠬᠯᠠᠬᠤ ᠠᠷᠭ᠎ᠠ ᠶᠢᠨ ᠰᠢᠨ᠎ᠡ ᠶᠢ ᠡᠬᠦᠳᠬᠦ ᠭᠡᠷᠡᠭᠳᠠᠢ ᠬᠡᠵᠤ ᠱᠠᠭᠠᠷᠳᠠᠪᠠ᠃ ᠤᠯᠤᠰ ᠤᠨ ᠤᠢ ᠰᠢᠭᠤᠢ ᠪᠠ ᠨᠤᠳᠤᠬ ᠪᠡᠯᠴᠢᠭᠡᠷ ᠤᠨ ᠲᠤᠪᠴᠢᠶᠠᠨ ᠤ  ᠬᠢᠨ ᠤᠢ ᠰᠢᠭᠤᠢ ᠡᠪᠡᠰᠤ ᠪᠡᠯᠴᠢᠭᠡᠷ ᠤᠨ ᠠᠭᠤᠰᠤᠯᠴᠠᠨ ᠬᠦᠭᠵᠢᠬᠦ ᠶᠢ ᠪᠦᠬᠦ ᠬᠦᠴᠤ ᠪᠠᠷ ᠢᠶᠠᠨ ᠠᠬᠢᠭᠤᠯᠵᠤ᠂ ᠲᠤᠷᠰᠢᠯᠲᠠ ᠶᠢᠨ ᠠᠵᠢᠯ ᠦᠷᠨᠢᠬᠦᠯᠵᠤ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠪᠦᠳᠤᠬᠡᠨ ᠪᠠᠶᠢᠭᠤᠯᠤᠯᠲᠠ ᠶᠢ ᠠᠬᠢᠭᠤᠯᠬᠤ ᠪᠠᠷ ᠲᠤᠭᠳᠠᠪᠠ᠂ ᠡᠨᠡ ᠪᠤᠯ ᠲᠦᠪ ᠤᠨ ᠨᠤᠳᠤᠬ ᠪᠡᠯᠴᠢᠭᠡᠷ ᠤᠨ ᠠᠵᠢᠯ ᠤᠨ ᠲᠤᠬᠠᠢ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ ᠪᠠᠶᠢᠭ᠎ᠠ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠤᠯᠤᠰ ᠤᠨ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠢᠭᠡᠳ ᠲᠤᠷᠰᠢᠯᠲᠠ ᠶᠢᠨ ᠴᠡᠭ ᠤᠨ ᠪᠠᠶᠢᠭ᠎ᠠ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠦ᠂ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠢ ᠪᠦᠳᠦᠬᠡᠨ ᠪᠠᠶᠢᠭᠤᠯᠬᠤ ᠳᠤ ᠰᠢᠨ᠎ᠡ ᠵᠠᠮ ᠬᠠᠶᠢᠨ ᠰᠦᠪᠡᠭᠴᠢᠯᠡᠵᠦ᠂ ᠪᠠᠶᠢᠭᠠᠯᠢ ᠶᠢᠨ ᠴᠡᠴᠡᠷᠯᠢᠭ ᠢᠶᠠᠷ ᠢᠶᠠᠨ ᠲᠠᠯ᠎ᠠ ᠨᠤᠲᠤᠭ ᠤᠨ ᠦᠩᠬᠡ ᠭᠢᠯᠪᠠᠭ᠎ᠠ ᠶᠢ ᠭᠠᠶᠢᠬᠠᠭᠤᠯᠵᠦ᠂ ᠲᠠᠯ᠎ᠠ ᠨᠤᠲᠤᠭ ᠤᠨ ᠭᠤᠶᠤ ᠦᠵᠡᠰᠬᠦᠯᠡᠩ ᠢ ᠦᠵᠡᠬᠦᠯᠵᠦ᠂ ᠦᠵᠡᠰᠬᠦᠯᠡᠩᠳᠦ ᠰᠠᠶᠢᠬᠠᠨ ᠳᠤᠮᠳᠠᠳᠤ ᠤᠯᠤᠰ ᠢ ᠪᠦᠳᠦᠬᠡᠨ ᠪᠠᠶᠢᠭᠤᠯᠬᠤ ᠳᠤ ᠰᠢᠨ᠎ᠡ ᠬᠤᠪᠢ ᠨᠠᠮᠡᠷᠢ ᠦᠵᠡᠬᠦᠯᠬᠦ ᠬᠡᠷᠡᠭᠲᠡᠢ ᠭᠡᠵᠦ ᠬᠡᠯᠡᠪᠡ᠃      ᠯᠢ ᠪᠢᠩ ᠷᠦᠩ᠂ ᠣᠯᠠᠨ ᠵᠢᠯ ᠤᠨ ᠳᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢ  ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠠᠵᠢᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ ᠴᠦᠬᠦᠷᠡᠰᠢ ᠦᠬᠡᠢ ᠪᠠᠷᠢᠮᠳᠠᠯᠠᠨ ᠭᠡᠷᠡᠭᠵᠢᠬᠦᠯᠵᠠᠢ᠃ ᠦᠪᠦᠷ ᠮᠤᠩᠭᠤᠯ ᠡᠷᠬᠡᠪᠰᠢ ᠳᠤᠰ ᠤᠳᠠᠭ᠎ᠠ ᠶᠢᠨ ᠬᠤᠷᠠᠯ ᠢᠶᠠᠷ ᠠᠵᠠ ᠳᠤᠬᠢᠶᠠᠯ ᠪᠤᠯᠭᠠᠵᠦ᠂ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠤᠨ ᠳᠤᠷᠰᠢᠯᠳᠠ ᠶᠢᠨ ᠪᠦᠳᠦᠬᠡᠨ ᠪᠠᠶᠢᠭᠤᠯᠤᠯᠳᠠ ᠪᠠᠷ ᠭᠠᠷᠳᠠᠴᠠ ᠪᠤᠯᠭᠠᠵᠦ᠂ ᠲᠠᠯ᠎ᠠ ᠨᠤᠳᠤᠬ ᠢᠶᠠᠨ ᠦᠨᠡᠨ ᠬᠦ ᠬᠠᠮᠠᠭᠠᠯᠠᠵᠦ᠂ ᠲᠠᠯ᠎ᠠ ᠨᠤᠳᠤᠬ ᠢᠶᠠᠨ ᠰᠢᠨᠵᠢᠯᠡᠬᠦᠤᠬᠠᠭᠠᠨᠴᠢ ᠪᠠᠷ ᠪᠦᠳᠦᠬᠡᠨ ᠪᠠᠶᠢᠭᠤᠯᠵᠦ᠂ ᠲᠠᠯ᠎ᠠ ᠨᠤᠳᠤᠬ ᠢᠶᠠᠨ ᠵᠦᠢ ᠵᠣᠬᠢᠰᠲᠠᠢ ᠪᠠᠷ ᠠᠰᠢᠬᠯᠠᠵᠦ᠂ ᠲᠠᠯ᠎ᠠ ᠨᠤᠲᠤᠭ ᠤᠨ ᠠᠮᠢ ᠠᠬᠤᠢ ᠶᠢᠨ ᠴᠢᠳᠠᠮᠵᠢ ᠪᠤᠯᠤᠨ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠦᠷᠭᠦᠯᠵᠢᠯᠡᠨ ᠳᠡᠬᠡᠭᠰᠢᠯᠡᠬᠦᠯᠵᠦ᠂ ᠬᠦᠬᠡᠮᠳᠦᠭ ᠨᠤᠭᠤᠭᠠᠨ ᠠᠭᠤᠯᠠ ᠤᠰᠤ ᠲᠠᠢ ᠦᠵᠡᠰᠬᠦᠯᠡᠩᠳᠦ ᠰᠠᠶᠢᠬᠠᠨ ᠳᠤᠮᠳᠠᠳᠤ ᠤᠯᠤᠰ ᠢ ᠴᠤᠬᠴᠠᠯᠠᠨ ᠪᠠᠶᠢᠭᠤᠯᠬᠤ ᠳᠤ ᠰᠢᠨ᠎ᠡ ᠪᠦᠬᠡᠳ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠦ ᠬᠡᠯᠡᠪᠡ᠃      ᠤᠯᠤᠰ ᠤᠨ ᠤᠢ ᠰᠢᠭᠤᠢ ᠪᠡ ᠨᠤᠳᠤᠬ ᠪᠡᠯᠴᠢᠭᠡᠷ ᠤᠨ ᠲᠣᠪᠴᠢᠶ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠬᠡᠵᠢᠩ ᠶᠡᠭᠡ ᠰᠤᠷᠭᠠᠭᠤᠯᠢ᠂ ᠪᠡᠬᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ᠂ ᠡᠯ᠎ᠡ ᠮᠤᠵᠢ ᠦᠪᠡᠷᠳᠡᠬᠡᠨ ᠵᠠᠰᠠᠬᠤ ᠤᠷᠤᠨ ᠰᠢᠭᠤᠳ ᠬᠠᠷᠢᠶ᠎ᠠ ᠬᠤᠳᠠ ᠶᠢᠨ ᠤᠢ ᠰᠢᠭᠤᠢ ᠪᠡ ᠨᠤᠳᠤᠬ ᠪᠡᠯᠴᠢᠭᠡᠷ ᠤᠨ ᠰᠠᠯᠠᠭ᠎ᠠ ᠮᠥᠴᠢᠷ ᠤᠨ ᠬᠤᠯᠪᠤᠬᠳᠠᠯ ᠪᠦᠬᠦᠢ ᠳᠤᠰᠬᠠᠢ ᠮᠡᠷᠬᠡᠵᠢᠯᠳᠡᠨ ᠪᠤᠯᠤᠨ ᠬᠠᠷᠢᠭᠤᠴᠠᠯᠭᠠᠳᠠᠨ ᠨᠠᠷ ᠬᠤᠷᠠᠯ ᠳᠤ ᠤᠷᠤᠯᠴᠠᠪᠠ᠃ ᠬᠤᠷᠠᠯ ᠤᠨ ᠳᠠᠷᠠᠭ᠎ᠠ᠂ ᠬᠤᠷᠠᠯ ᠳᠤ ᠤᠷᠤᠯᠴᠠᠬᠰᠠᠳ ᠴᠡᠯᠡᠬᠡᠷ ᠲᠠᠯ᠎ᠠ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠪᠣᠯᠣᠨ ᠮᠧᠩ ᠼᠤᠤ ᠪᠦᠯᠦᠭᠯᠡᠯ ᠤᠨ ᠨᠣᠮᠢᠨ ᠨᠣᠭᠤᠭᠠᠨ ᠬᠦᠷᠢᠶᠡᠯᠡᠩ ᠢᠶᠠᠷ ᠳᠤᠭᠤᠷᠢᠨ ᠦᠵᠡᠵᠦ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号