ᠪᠣᠣ ᠭᠠᠩ ᠮᠠᠨ ᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ ᠤᠨ ᠠᠬᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠬᠤ ᠳᠠᠭᠠᠨ ᠵᠢᠭᠠᠭᠰᠠᠨ ᠨᠢ ᠦᠵᠡᠯᠲᠡ ᠲᠠᠨᠢᠯᠲᠠ ᠪᠠᠨ ᠳᠡᠭᠡᠭᠰᠢᠯᠡᠭᠦᠯᠦᠨ ᠳᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ ᠴᠡᠪᠡᠷ ᠳᠤᠯᠠᠭᠠᠯᠠᠭ᠎ᠠ ᠶᠢ ᠯᠠᠪᠳᠠᠭᠤᠨ ᠠᠬᠢᠭᠤᠯᠵᠤ ᠡᠯ᠎ᠡ ᠵᠦᠢᠯ ᠤᠨ ᠡᠭᠦᠷᠭᠡ ᠬᠠᠷᠠᠯᠲᠠ ᠶᠢ ᠲᠣᠭᠲᠠᠭᠰᠠᠨ ᠴᠠᠭ ᠲᠤᠨᠢ ᠪᠡᠶᠡᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2020/9/1
      ︵ᠰᠤᠷᠪᠤᠯᠵᠢᠯᠠᠭᠴᠢ ᠯᠢᠦ ᠱᠠ ᠱᠠ︶ 8 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠭᠠᠩ ᠬᠥᠬᠡᠬᠤᠲᠠ ᠳᠤ ᠪᠦᠯᠬᠦᠮ ᠳᠠᠭᠠᠭᠤᠯᠤᠨ ᠢᠷᠡᠵᠦ᠂ ᠮᠠᠨ ᠤ ᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ ᠤᠨ ᠠᠬᠢᠭᠤᠯᠤᠯᠲᠠ ᠶᠢᠨ ᠪᠠᠶᠢᠳᠠᠯ ᠤᠨ ᠤᠴᠢᠷ ᠲᠤ ᠰᠠᠶᠢᠬᠠᠨ ᠲᠣᠭᠤᠷᠢᠭ᠂ ᠢᠦᠢ ᠴᠢᠦᠸᠠᠨ ᠲᠣᠭᠤᠷᠢᠭ ᠲᠤ ᠬᠦᠷᠴᠦ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠯᠢᠦ ᠴᠧᠩ ᠮᠢᠨ᠂ ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠣᠣ ᠭᠠᠩ ᠨᠠᠷ ᠤᠷᠢᠳ ᠬᠤᠵᠢᠳ ᠬᠤᠷᠢᠨ ᠲᠣᠰᠬᠤᠨ ᠤ ᠲᠠᠷᠢᠶᠠᠯᠠᠩ ᠤᠨ ᠶᠡᠭᠡ ᠫᠧᠩ᠂ ᠵᠡᠭᠦᠨ ᠬᠠᠭᠤᠴᠢᠨ ᠵᠠᠮ ᠲᠣᠰᠬᠤᠨ᠂ ᠭᠡᠷᠲᠦ ᠲᠣᠰᠬᠤᠨ᠂ ᠶᠡᠭᠡ ᠬᠦᠷᠢᠶ᠎ᠡ ᠲᠣᠰᠬᠤᠨ᠂ ᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠡᠮᠦᠨ᠎ᠡ ᠬᠡᠰᠡᠭ ᠣᠷᠣᠨ᠂ ᠱᠧᠩ ᠲᠠᠢ ᠢᠯᠴᠢ ᠬᠦᠴᠦᠨ ᠤ ᠺᠣᠮᠫᠠᠨᠢ᠂ ᠭᠤᠷᠪᠠᠳᠤᠭᠠᠷ ᠲᠣᠭᠤᠷᠢᠭᠤᠯ ᠵᠠᠮ ᠤᠨ ᠢᠦᠢ ᠴᠢᠦᠸᠠᠨ ᠲᠣᠭᠤᠷᠢᠭ ᠤᠨ ᠬᠡᠰᠡᠭ ᠢᠶᠠᠷ ᠶᠠᠪᠤᠵᠤ ᠰᠣᠷᠪᠤᠯᠵᠢᠯᠠᠨ᠂ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ᠂ ᠲᠣᠭᠤᠰᠣ ᠰᠢᠷᠣᠢ ᠶᠢᠨ ᠪᠣᠬᠢᠷᠲᠤᠯ ᠢ ᠵᠠᠰᠠᠭᠰᠠᠨ ᠪᠠᠶᠢᠳᠠᠯ ᠵᠡᠷᠭᠡ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠶᠢᠯ ᠳᠤ ᠣᠷᠣᠵᠤ ᠥᠭᠡᠷᠡᠴᠢᠯᠡᠭᠰᠡᠨ ᠦᠷ᠎ᠡ ᠠᠰᠢᠭᠯᠠᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠬᠠᠢ ᠶᠢᠨ ᠭᠠᠵᠠᠷ ᠲᠤᠨᠢ ᠰᠤᠳᠤᠯᠪᠠ᠃      ᠪᠣᠣ ᠭᠠᠩ ᠵᠢᠭᠠᠬᠤ ᠳᠠᠭᠠᠨ᠂ ᠬᠤᠲᠠ ᠶᠢᠨ ᠲᠥᠪᠯᠡᠷᠡᠭᠦᠯᠦᠭᠰᠡᠨ ᠢᠯᠴᠢ ᠬᠠᠩᠭᠠᠯᠲᠠ ᠪᠠ ᠡᠪᠦᠯ ᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠢᠨᠵᠧᠨᠧᠷᠢᠩ ᠪᠣᠯ ᠨᠢᠭᠡᠨ ᠲᠦᠭ ᠲᠦᠮᠡᠨ ᠠᠶᠢᠯ ᠡᠷᠦᠬᠡ ᠳᠤ ᠬᠤᠯᠪᠣᠭᠳᠠᠭᠰᠠᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠂ ᠬᠥᠬᠡᠬᠤᠲᠠ ᠶᠢᠨ ᠬᠢᠨ ᠦᠵᠡᠯᠲᠡ ᠲᠠᠨᠢᠯᠲᠠ ᠪᠠᠨ ᠤᠯᠠᠨ ᠨᠢᠭᠡ ᠠᠯᠬᠤᠮ ᠳᠡᠭᠡᠭᠰᠢᠯᠡᠭᠦᠯᠦᠨ᠂ ᠬᠠᠷᠢᠭᠤᠴᠠᠯᠭ᠎ᠠ ᠶᠢᠨ ᠤᠬᠠᠮᠰᠠᠷ ᠪᠠ ᠡᠭᠦᠷᠭᠡᠲᠦ ᠤᠬᠠᠮᠰᠠᠷ ᠢᠶᠠᠨ ᠴᠢᠩᠭᠠᠳᠬᠠᠵᠤ᠂ ᠣᠳᠣᠬᠠᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠦᠨᠳᠦ  ᠭᠡᠴᠡᠬᠦᠦ ᠪᠠᠶᠢᠳᠠᠯ ᠢ ᠭᠦᠢᠴᠡᠳ ᠲᠠᠨᠢᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠢᠳᠡᠪᠬᠢᠲᠡᠢ ᠮᠥᠷᠲᠡᠭᠡᠨ ᠯᠠᠪᠳᠠᠭᠤᠨ ᠠᠬᠢᠭᠤᠯᠵᠤ᠂ ︽ᠨᠢᠭᠡ ᠯᠡ ᠳᠡᠭᠡᠷ᠎ᠡ ᠬᠡᠷᠴᠢᠬᠦ︾ ᠶᠢ ᠲᠡᠪᠴᠢᠵᠦ᠂ ᠡᠯ᠎ᠡ ᠵᠦᠢᠯ ᠤᠨ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ᠨᠢᠭᠡᠳᠦᠯᠲᠡᠢ ᠪᠣᠳᠣᠯᠬᠢᠯᠠᠨ ᠠᠬᠢᠭᠤᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ ᠪᠠᠷ ᠵᠣᠷᠢᠯᠲᠠ ᠪᠣᠯᠭᠠᠨ᠂ ᠰᠠᠭᠤᠭᠠᠯᠢ ᠠᠷᠠᠳ ᠤᠨ ᠱᠠᠭᠠᠷᠳᠠᠯᠭ᠎ᠠ ᠶᠢ ᠪᠦᠬᠦ ᠲᠠᠯ᠎ᠠ ᠠᠴᠠ ᠪᠣᠳᠣᠯᠬᠢᠯᠠᠨ᠂ ᠰᠠᠭᠤᠭᠠᠯᠢ ᠠᠷᠠᠳ ᠲᠤ ᠪᠦᠬᠦ ᠬᠡᠯᠬᠢᠶᠡᠨ ᠤ ᠦᠢᠯᠡᠴᠢᠯᠡᠭᠡ ᠬᠠᠩᠭᠠᠬᠤ ᠬᠡᠷᠡᠭᠲᠡᠢ︔ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ᠂ ᠠᠬᠢᠭᠤᠯᠬᠤ ᠬᠤᠷᠳᠤᠴᠠ ᠪᠠᠨ ᠤᠯᠠᠮ ᠨᠢᠭᠡ ᠠᠯᠬᠤᠮ ᠲᠦᠷᠭᠡᠳᠬᠡᠵᠦ᠂ ᠡᠯ᠎ᠡ ᠵᠦᠢᠯ ᠤᠨ ᠡᠭᠦᠷᠭᠡ ᠬᠠᠷᠠᠯᠲᠠ ᠶᠢ ᠲᠣᠭᠲᠠᠭᠰᠠᠨ ᠴᠠᠭ ᠲᠠᠭᠠᠨ ᠦᠨᠡᠨᠬᠦ ᠪᠡᠶᠡᠯᠡᠭᠦᠯᠬᠦ ᠬᠡᠷᠡᠭᠲᠡᠶ ᠭᠡᠪᠡ᠃      ᠪᠣᠣ ᠭᠠᠩ ᠵᠢᠭᠠᠬᠤ ᠳᠠᠭᠠᠨ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ ᠶᠢᠨ ᠪᠣᠬᠢᠷᠲᠤᠯ ᠢ ᠵᠠᠰᠠᠬᠤ ᠪᠣᠯ ᠬᠤᠲᠠ ᠶᠢᠨ ᠲᠣᠭᠤᠷᠢᠭ ᠤᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠢ ᠶᠢᠨ ᠪᠣᠬᠢᠷᠲᠤᠯ ᠢ ᠵᠠᠰᠠᠬᠤ ᠠᠵᠢᠯ ᠢ ᠰᠠᠶᠢᠲᠤᠷ ᠬᠢᠬᠦ ᠶᠢᠨ ᠲᠤᠯᠭᠠᠮ᠎ᠠ ᠰᠡᠳᠬᠢᠯᠭᠡ᠂ ᠡᠭᠦᠷᠭᠡᠲᠦ ᠰᠡᠳᠬᠢᠯᠭᠡ ᠶᠢ ᠦᠨᠡᠨᠬᠦ ᠴᠢᠩᠭᠠᠳᠬᠠᠨ᠂ ᠬᠠᠮᠲᠤ ᠪᠠᠷ ᠠᠳᠬᠤᠨ ᠨᠡᠶᠢᠲᠡ ᠪᠠᠷ ᠬᠠᠮᠢᠶᠠᠷᠴᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠮᠲᠤ᠂ ᠪᠠᠷᠢᠯᠭ᠎ᠠ ᠶᠢᠨ ᠨᠢᠭᠡᠴᠡ ︽6 ᠵᠠᠭᠤᠨ ᠤ ᠵᠠᠭᠤ︾ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠲᠠ ᠶᠢᠨ ᠲᠣᠭᠤᠷᠢᠭ ᠤᠨ ᠠᠭᠠᠷ ᠮᠠᠨᠳᠠᠯ ᠤᠨ ᠶᠠᠰᠤ ᠴᠢᠨᠠᠷ ᠢ ᠶᠡᠬᠡᠪᠡᠷ ᠰᠠᠶᠢᠵᠢᠷᠠᠭᠤᠯᠬᠤ ᠬᠡᠷᠡᠭᠲᠡᠢ ᠭᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号