ᠠᠭᠠᠷ ᠤᠨ ᠴᠡᠷᠢᠭ ᠤᠨ 2021 ᠤᠨ ᠳᠤ ᠦᠪᠤᠷ ᠮᠤᠩᠭᠤᠯ ᠠᠴᠠ ᠨᠢᠰᠭᠡᠭᠴᠢ ᠰᠤᠷᠤᠭᠴᠢ ᠡᠯᠰᠡᠬᠦ ᠠᠩᠬᠠᠨ ᠤ ᠰᠤᠩᠭᠤᠯᠲᠠ ᠶᠢᠨ ᠠᠵᠢᠯ  ᠤᠳᠠᠯ ᠦᠭᠡᠢ ᠡᠬᠢᠯᠡᠨ᠎ᠡ
ᠨᠡᠶᠢᠲᠡᠯᠡᠭᠰᠡᠨ ᠴᠠᠭ᠄
2020/9/10
       ᠬᠦᠬᠡᠬᠤᠲᠡ ᠶᠢᠨ ᠡᠳᠤᠷ ᠤᠨ ᠰᠤᠨᠢᠨ ᠤ ᠮᠡᠳᠡᠭᠡ  ︵ ᠰᠤᠷᠪᠤᠯᠵᠢᠯᠠᠭᠴᠢ  ᠮᠢᠶᠤᠤ ᠴᠢᠩ︶   ᠦᠨᠦᠬᠡᠨ᠂ ᠰᠤᠷᠪᠤᠯᠵᠢᠯᠠᠭᠴᠢ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠤᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ᠤᠶᠢᠯᠠᠭᠠᠭᠰᠠᠨ ᠢᠶᠠᠷ᠂ ᠠᠭᠠᠷ ᠤᠨ ᠴᠡᠷᠢᠭ ᠤᠨ 2021 ᠤᠨ ᠳᠤ ᠦᠪᠤᠷ ᠮᠤᠩᠭᠤᠯ ᠠᠴᠠ ᠨᠢᠰᠭᠡᠭᠴᠢ ᠰᠤᠷᠤᠭᠴᠢ ᠡᠯᠰᠡᠬᠦ ᠠᠩᠬᠠᠨ ᠤ ᠰᠤᠩᠭᠤᠯᠲᠠ ᠶᠢᠨ ᠠᠵᠢᠯ  ᠤᠳᠠᠯ ᠦᠭᠡᠢ ᠡᠬᠢᠯᠡᠨ᠎ᠡ᠃    ᠰᠤᠷᠤᠭᠴᠢ ᠡᠯᠰᠡᠬᠦ ᠰᠤᠷᠭᠠᠭᠤᠯᠢ᠄  ᠲᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠠᠭᠠᠷ ᠤᠨ ᠴᠡᠷᠢᠭ ᠤᠨ ᠠᠭᠠᠷ ᠤᠨ ᠠᠶᠠᠯᠠᠯ ᠤᠨ ᠶᠡᠭᠡ ᠰᠤᠷᠭᠠᠭᠤᠯᠢ ︵ ᠬᠢᠷᠢᠨ ᠮᠤᠵᠢ ᠶᠢᠨ ᠴᠠᠩᠴᠦ᠋ᠨ ᠬᠤᠲᠠ   ᠳᠤ︶᠃ ᠰᠤᠷᠤᠭᠴᠢ ᠡᠯᠰᠡᠬᠦ ᠲᠤᠰᠬᠠᠢ ᠮᠡᠷᠭᠡᠵᠢᠯ᠄ ᠠᠭᠠᠷ ᠤᠨ ᠠᠶᠠᠯᠠᠯ ᠤᠨ ᠨᠢᠰᠦᠯᠭᠡ ᠪᠠ ᠵᠢᠯᠤᠭᠤᠳᠤᠯᠭ᠎ᠠ᠂ ᠡᠯᠰᠡᠬᠦ ᠬᠦᠮᠤᠨ ᠤ ᠲᠤᠭ᠎ᠠ ᠶᠢ ᠰᠤᠷᠭᠠᠨ ᠬᠦᠮᠤᠵᠢᠯ ᠤᠨ ᠶᠠᠮᠤᠨ᠂ ᠴᠡᠷᠢᠭ  ᠶᠠᠪᠤᠳᠠᠯ ᠤᠨ ᠬᠤᠷᠢᠶᠠᠨ ᠤ ᠤᠯᠤᠰ ᠲᠦᠷᠦ  ᠶᠢᠨ ᠠᠵᠢᠯ ᠤᠨ ᠬᠡᠯᠲᠡᠰ ᠤᠨ ᠠᠯᠪᠠᠨ ᠶᠤᠰᠤᠭᠠᠷ ᠪᠠᠭᠤᠯᠭᠠᠭᠰᠠᠨ ᠲᠦᠯᠦᠪᠯᠡᠭᠡ   ᠪᠠᠷ ᠪᠠᠷᠢᠮᠵᠢᠶᠠᠯᠠᠨ᠎ᠠ᠂ ᠰᠤᠷᠤᠯᠭ᠎ᠠ  ᠶᠢᠨ ᠬᠤᠭᠤᠴᠠᠭ᠎ᠠ ᠳᠦᠷᠪᠡᠨ ᠵᠢᠯ᠂ ᠦᠨᠳᠦᠰᠦᠨ ᠠᠩᠭᠢ ᠶᠢᠨ ᠰᠤᠷᠤᠯᠭ᠎ᠠ ᠶᠢᠨ ᠨᠠᠮᠲᠡᠷ᠃    ᠨᠡᠷ᠎ᠡ ᠮᠡᠳᠡᠭᠦᠯᠬᠦ ᠨᠦᠬᠦᠴᠡᠯ ᠳᠤ ᠠᠶᠠᠨᠳᠠᠭᠠᠨ ᠤ ᠨᠦᠬᠦᠴᠡᠯ ᠪᠠ ᠪᠡᠶ᠎ᠡ ᠮᠠᠬᠠᠪᠤᠳ ᠤᠨ ᠨᠦᠬᠦᠴᠡᠯ ᠪᠠᠭᠳᠠᠵᠦ᠂ ᠠᠶᠠᠨᠳᠠᠭᠠᠨ ᠤ ᠨᠦᠬᠦᠴᠡᠯ  ᠄ 2021 ᠤᠨ   ᠤ ᠡ᠊ᠩ ᠤᠨ ᠲᠤᠮᠳᠠᠳᠤ ᠰᠤᠷᠭᠠᠭᠤᠯᠢ ᠶᠢᠨ ᠲᠡᠭᠦᠰᠦᠭᠰᠡᠳ᠂ ᠳᠡᠭᠡᠷ᠎ᠡ ᠬᠤᠭᠤᠴᠠᠭᠠᠨ ᠤ ᠦᠨᠳᠤᠷ ᠲᠤᠮᠳᠠᠳᠤ ᠶᠢᠨ ᠭᠤᠷᠪᠠᠳᠤᠭᠠᠷ ᠤᠨ ᠳᠡᠭᠦᠰᠦᠭᠰᠡᠨ ᠰᠤᠷᠤᠭᠴᠢ᠂ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠩᠭᠢᠨᠢ ᠰᠤᠷᠭᠠᠭᠤᠯᠢ ᠶᠢᠨ ᠬᠠᠷᠢᠶᠠᠯᠠᠯ ᠲᠠᠢ᠂ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 2021 ᠤᠨ ᠤ ᠳᠡᠭᠡᠳᠤ ᠰᠤᠷᠭᠠᠭᠤᠯᠢ ᠳᠤ ᠰᠢᠯᠭᠠᠭᠤᠯᠬᠤ ᠨᠡᠷ᠎ᠡ ᠮᠡᠳᠡᠭᠦᠯᠬᠦ ᠨᠦᠬᠦᠴᠡᠯ ᠳᠤ ᠨᠡᠶᠢᠴᠡᠭᠰᠡᠨ ᠪᠠᠶᠢᠬᠤ︔ ᠲᠦᠷᠦᠭᠰᠡᠨ ᠤᠨ ᠰᠠᠷ᠎ᠠ ᠨᠢ 2001 ᠤᠨ ᠤ 8 ᠰᠠᠷ᠎ᠠ ᠶᠢᠨ 31 ᠤ ᠡᠳᠤᠷ ᠠᠴᠠ 2004  ᠤᠨ ᠤ 8 ᠰᠠᠷ᠎ᠠ ᠶᠢᠨ 31 ᠤ ᠡᠳᠤᠷ ᠤᠨ ᠬᠤᠭᠤᠷᠤᠨᠳᠤ ᠪᠠᠶᠢᠬᠤ︔ ᠰᠤᠷᠤᠯᠭ᠎ᠠ ᠶᠢᠨ ᠬᠢᠷᠢ ᠪᠦᠳᠦᠮᠵᠢ ᠰᠢᠯᠢᠳᠡᠭ᠂ ᠳᠡᠭᠡᠳᠤ ᠰᠤᠷᠭᠠᠭᠤᠯᠢ ᠶᠢᠨ ᠰᠢᠯᠭᠠᠯᠲᠠ ᠨᠢ ᠵᠢᠰᠢᠯᠲᠡ ᠪᠠᠷ  ᠦᠨᠳᠦᠰᠦᠨ ᠠᠩᠭᠢ ᠶᠢᠨ ᠨᠢᠭᠡᠳᠤᠭᠡᠷ ᠪᠦᠯᠦᠭ ᠤᠨ ᠱᠤᠭᠤᠮ ᠳᠤ ᠪᠠᠶᠢᠬᠤ︔  ᠦᠪᠡᠷ ᠢᠶᠠᠨ ᠲᠤᠷᠠᠲᠠᠢ᠂ ᠭᠡᠷ ᠤᠨ ᠠᠬᠠᠮᠠᠳ ᠳᠡᠮᠵᠢᠳᠡᠭ᠃    ᠪᠡᠶ᠎ᠡ ᠮᠠᠬᠠᠪᠤᠳ ᠤᠨ ᠨᠦᠬᠦᠴᠡᠯ  ᠄ ᠪᠡᠶ᠎ᠡ ᠶᠢᠨ ᠦᠨᠳᠦᠷ  164~185 ᠰᠡᠨᠲ᠋ᠢᠮᠧᠲᠷ ᠤᠨ ᠬᠤᠭᠤᠷᠤᠨᠳᠤ︔ ᠪᠠᠷᠢᠮᠵᠢᠶᠠᠳᠤ ᠪᠡᠶ᠎ᠡ ᠶᠢᠨ ᠬᠦᠨᠳᠤ ᠶᠢᠨ 80% ᠠᠴᠠ ᠲᠤᠤᠷ᠎ᠠ ᠦᠭᠡᠢ᠂ 130% ᠠᠴᠠ ᠳᠡᠭᠡᠷ᠎ᠡ ᠦᠭᠡᠢ ︵ᠪᠠᠷᠢᠮᠵᠢᠶᠠᠳᠤ ᠪᠡᠶ᠎ᠡ ᠶᠢᠨ ᠬᠦᠨᠳᠤ Kg = ᠪᠡᠶ᠎ᠡ ᠶᠢᠨ ᠦᠨᠳᠦᠷ cm-110︶ ᠪᠠᠶᠢᠬᠤ︔ ᠠᠭᠠᠷ ᠤᠨ ᠴᠡᠷᠢᠭ ᠤᠨ ᠨᠢᠰᠭᠡᠯᠴᠢ ᠡᠯᠰᠡᠬᠦ ᠪᠠᠷᠢᠮᠵᠢᠶ᠎ᠠ “C” ᠮᠠᠶ᠋ᠢᠭ ᠤᠨ ᠬᠠᠷᠠᠭ᠎ᠠ ᠰᠢᠯᠭᠠᠬᠤ ᠬᠦᠰᠦᠨᠦᠭ ᠤᠨ ᠰᠢᠯ ᠦᠭᠡᠢ ᠦᠵᠡᠬᠦ ᠬᠤᠶᠠᠷ ᠨᠢᠳᠦᠨ ᠤ ᠬᠠᠷᠠᠭ᠎ᠠ ᠨᠢ ᠪᠦᠷ 0.8 ᠠᠴᠠ ᠳᠡᠭᠡᠭᠰᠢ  ᠪᠠᠶᠢᠵᠦ᠂ ᠬᠠᠷᠠᠭ᠎ᠠ ᠵᠠᠰᠠᠭᠰᠠᠨ ᠮᠡᠰᠡ ᠵᠠᠰᠠᠯ ᠬᠢᠭᠰᠡᠨ ᠦᠭᠡᠢ᠂ ᠡᠪᠡᠷᠯᠢᠭ ᠪᠦᠷᠬᠦᠪᠴᠢ ᠶᠢᠨ ᠰᠢᠯ ᠵᠡᠭᠦᠭᠰᠡᠨ ᠦᠩᠭᠡᠷᠡᠯᠲᠡ ᠦᠭᠡᠢ  ︔ ᠦᠩᠭᠡᠨ ᠬᠠᠷᠠᠯᠭᠠᠨ᠂ ᠬᠢᠯᠠᠷ ᠵᠡᠷᠭᠡ ᠭᠡᠮ ᠦᠭᠡᠢ ᠪᠠᠶᠢᠬᠤ᠃    ᠨᠡᠶᠢᠲᠡᠮ ᠤᠬᠠᠭᠤᠯᠭ᠎ᠠ ᠲᠡᠭᠦᠰᠦᠭᠰᠡᠨ ᠤ ᠰᠡᠭᠦᠯᠡᠷ᠂ ᠲᠤᠮᠳᠠᠳᠤ ᠰᠤᠷᠭᠠᠭᠤᠯᠢ ᠨᠢ ᠨᠡᠷ᠎ᠡ ᠮᠡᠳᠡᠭᠦᠯᠵᠦ ᠰᠢᠯᠭᠠᠭᠤᠯᠤᠭᠰᠠᠨ ᠰᠤᠷᠤᠭᠴᠢ ᠶᠢᠨ ᠨᠠᠰᠤ  ᠵᠢᠯ᠂ ᠰᠤᠷᠤᠯᠭ᠎ᠠ ᠶᠢᠨ ᠬᠢᠷᠢ ᠪᠦᠳᠦᠮᠵᠢ᠂ ᠪᠡᠶ᠎ᠡ ᠮᠠᠬᠠᠪᠤᠳ ᠤᠨ ᠨᠦᠬᠦᠴᠡᠯ ᠤᠨ ᠪᠤᠭᠤᠮᠳᠠ ᠶᠢ ᠰᠠᠬᠢᠵᠦ᠂ ᠦᠨᠳᠦᠰᠦᠨ ᠳᠡᠭᠡᠨ ᠨᠦᠬᠦᠴᠡᠯ ᠳᠤ ᠲᠤᠬᠢᠷᠠᠭᠰᠠᠨ ᠰᠢᠯᠭᠠᠭᠤᠯᠤᠭᠰᠠᠳ ᠢ ᠵᠤᠬᠢᠶᠠᠨ ᠪᠠᠶᠢᠭᠤᠯᠤᠨ ︽ᠠᠭᠠᠷ ᠤᠨ ᠴᠡᠷᠢᠭ  ‍ᠤᠨ‌ᠨᠢᠰᠭᠡᠭᠴᠢ ᠰᠤᠷᠤᠭᠴᠢ ᠡᠯᠰᠡᠬᠦ ᠬᠦᠰᠦᠨᠦᠭ︾ ︵ᠠᠩᠬ᠎ᠠ ᠰᠤᠩᠭᠤᠯᠲᠠ ᠶᠢᠨ ᠰᠢᠯᠭᠠᠨ ᠪᠠᠶᠢᠴᠠᠭᠠᠯᠲᠠ ᠳᠤ ᠠᠪᠴᠤ ᠤᠴᠢᠨ᠎ᠠ︶ ᠢ ᠲᠠᠭᠯᠠᠭᠤᠯᠵᠦ᠂ ᠰᠤᠷᠭᠠᠭᠤᠯᠢ ᠨᠢ ᠳᠡᠪᠰᠢᠭᠦᠯᠦᠭᠰᠡᠨ ᠰᠠᠨᠠᠯ ᠢᠶᠠᠨ ᠪᠢᠴᠢᠵᠦ᠂ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ᠂ ᠠᠶᠢᠮᠠᠭ ᠬᠤᠲᠠ ᠶᠢᠨ ᠰᠤᠷᠭᠠᠨ ᠬᠦᠮᠤᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠥᠮᠵᠢ ᠳᠤ ᠮᠡᠳᠡᠭᠦᠯᠦᠨ᠎ᠡ᠃ ᠰᠢᠯᠭᠠᠭᠤᠯᠬᠤ ᠰᠤᠷᠤᠭᠴᠢ ᠰᠤᠷᠭᠠᠭᠤᠯᠢ ᠳᠠᠭᠠᠨ ᠨᠡᠷ᠎ᠡ ᠮᠡᠳᠡᠭᠦᠯᠬᠦ ᠠᠴᠠ ᠭᠠᠳᠠᠨ᠎ᠠ᠂ ᠠᠭᠠᠷ ᠤᠨ ᠴᠡᠷᠢᠭ ᠤᠨ ᠨᠢᠰᠭᠡᠭᠴᠢ ᠰᠤᠷᠤᠭᠴᠢ ᠡᠯᠰᠡᠬᠦ ᠰᠦᠯᠵᠢᠶᠡᠨ(www.kjzfw.mil.cn) ᠳᠤ ᠭᠠᠷᠴᠤ ᠰᠦᠯᠵᠢᠶᠡᠨ ᠳᠡᠭᠡᠷᠡᠬᠢ ᠨᠡᠷ᠎ᠡ ᠮᠡᠳᠡᠭᠦᠯᠦᠯᠲᠡ  ᠶᠢ ᠪᠡᠶᠡᠯᠡᠭᠦᠯᠦᠨ᠎ᠡ᠃    ᠰᠢᠯᠭᠠᠨ ᠪᠠᠶᠢᠴᠠᠭᠠᠬᠤ ᠳᠤ ᠤᠷᠤᠯᠴᠠᠬᠤ ᠰᠤᠷᠤᠭᠴᠢ ᠦᠪᠡᠷ ᠤᠨ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ  ᠶᠢᠨ ᠳᠠᠩᠰᠠ᠂ ᠨᠢᠭᠡ ᠤᠶᠤᠯᠢᠭ ᠭᠠᠷ ᠤᠲᠠᠰᠤ ᠪᠤᠶᠤ ᠬᠠᠪᠲᠠᠭᠠᠢ ᠺᠥᠮᠫᠢᠦ᠋ᠲ᠋ᠧᠷ ︵ ᠰᠤᠶᠤᠯ ᠤᠨ ᠰᠢᠯᠭᠠᠨ ᠬᠡᠮᠵᠢᠯᠲᠡ ᠳᠤ ᠬᠡᠷᠡᠭᠯᠡᠨ᠎ᠡ︶᠂ ᠰᠢᠯᠭᠠᠯᠲᠠ ᠳᠤ ᠬᠡᠷᠡᠭᠯᠡᠬᠦ ᠪᠠᠭᠠᠵᠢ ᠬᠡᠷᠡᠭᠰᠡᠯ ᠪᠤᠯᠤᠨ ︽ᠠᠭᠠᠷ ᠤᠨ ᠴᠡᠷᠢᠭ ᠤᠨ ᠨᠢᠰᠭᠡᠭᠴᠢ ᠰᠤᠷᠤᠭᠴᠢ ᠡᠯᠰᠡᠬᠦ ᠬᠦᠰᠦᠨᠦᠭ︾ ᠢᠶᠠᠨ ᠠᠪᠴᠤ  ᠤᠴᠢᠨ᠎ᠠ᠃ ᠦᠷᠯᠦᠭᠡ ᠶᠢᠨ ᠬᠤᠭᠤᠯᠠ ᠪᠠᠨ ᠴᠠᠳᠲᠠᠯ᠎ᠠ ᠰᠠᠶᠢᠨ ᠢᠳᠡᠵᠦ᠂ ᠲᠤᠭᠳᠠᠭᠰᠠᠨ ᠴᠠᠭ   ᠢ  ᠴᠢᠩᠭ᠎ᠠ ᠪᠠᠷᠢᠮᠲᠠᠯᠠᠵᠦ᠂ ᠬᠢᠨᠠᠨ ᠬᠡᠮᠵᠢᠬᠦ ᠲᠠᠯᠠᠪᠤᠷ ᠲᠤ ᠴᠠᠭ  ᠲᠠᠭᠠᠨ ᠤᠴᠢᠬᠤ ᠬᠡᠷᠡᠭᠲᠡᠢ᠃http://mongol.people.com.cn/15823634.html
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号