ᠢᠦᠶ ᠴᠢᠤᠸᠠᠨ ᠲᠣᠭᠤᠷᠢᠭ᠄ ᠰᠣᠶᠣᠯ ᠤᠨ ᠰᠢᠨ᠎ᠡ ᠡᠭᠦᠳᠦᠯᠲᠡ ᠶᠢ ᠬᠤᠲᠠ ᠵᠢᠨ‌ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ  ᠲᠠᠢ ᠠᠭᠤᠰᠤᠯᠴᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/9/11
       ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ  ᠠᠷᠢᠭᠤᠨ᠎ᠠ︶ ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠶᠡᠭᠡ ᠵᠣᠣ ᠶᠢᠨ ᠦᠵᠡᠮᠵᠢ ᠶᠢᠨ ᠣᠷᠣᠨ ᠤ ᠬᠤᠶᠢᠲᠤ ᠲᠠᠯ᠎ᠠ ᠶᠢᠨ ︽ᠬᠥᠬᠡᠬᠤᠲᠠ ᠶᠢᠨ ᠳᠤᠷᠠᠰᠤᠮᠵᠢ︾ ᠶᠢᠨ ᠬᠠᠭᠤᠴᠢᠨ ᠬᠡᠷᠡᠯ ᠵᠢᠷᠤᠭ ᠢ ᠳᠡᠯᠭᠡᠨ ᠦᠵᠡᠭᠦᠯᠦᠭᠰᠡᠨ ᠣᠷᠳᠣ ᠬᠤᠩᠭᠢᠯ ᠨᠢ ᠬᠤᠲᠠ ᠶᠢᠨ ᠠᠷᠠᠳ ᠤᠨ ᠤᠨ ᠠᠩᠬᠠᠷᠤᠯ ᠢ ᠲᠠᠲᠠᠵᠦ ᠪᠠᠶᠢᠨ᠎ᠠ᠃    ᠬᠥᠬᠡᠬᠤᠲᠠ ᠶᠢᠨ ᠲᠡᠤᠬᠡ ᠶᠢᠨ ᠲᠤᠷᠠᠳᠬᠠᠯ ᠲᠠᠢ ᠭᠡᠷᠡᠯ ᠵᠢᠷᠤᠭ  ᠤᠳ ᠵᠠᠮ ᠤᠨ ᠬᠠᠵᠠᠭᠤ ᠶᠢᠨ ᠬᠡᠷᠡᠮ ᠲᠡᠬᠡᠷ᠎ᠠ  ᠡᠯᠬᠦᠬᠡᠰᠣᠳᠠᠢ  ᠪᠠᠶᠢᠯ᠎ᠠ᠃ ᠡᠷᠲᠡᠨ ᠤ ᠪᠣᠷᠣᠭᠵᠢᠭᠤᠨ ᠭᠡᠷᠡᠯ ᠵᠢᠷᠤᠭ ᠤᠨ ᠬᠦᠷᠢᠶ᠎ᠡ ᠪᠣᠯᠤᠨ ᠡᠷᠭᠢᠨ ᠲᠣᠭᠤᠷᠢᠨ ᠤ ᠶᠡᠭᠡ ᠵᠤᠤ ᠦᠵᠡᠮᠵᠢ ᠶᠢᠨ ᠣᠷᠣᠨ ᠨᠢ  ᠮᠢᠩ ᠴᠢᠩ ᠤᠯᠤᠰ ᠤᠨ ᠬᠡᠪ ᠨᠠᠮᠪᠠ ᠲᠠᠢ ᠪᠠᠷᠢᠯᠭ᠎ᠠ ᠲᠠᠢ ᠨᠢᠭᠡ ᠴᠣᠭᠴᠠ ᠪᠣᠯᠵᠤ᠂ ᠬᠠᠭᠤᠴᠢᠨ ᠭᠡᠷᠡᠯ ᠵᠢᠷᠤᠭ ᠠᠴᠠ ᠭᠠᠳᠠᠨ᠎ᠠ ᠪᠠᠰᠠ ︽ᠬᠦᠶ ᠬᠤᠸᠠ ᠴᠧᠩ ᠤᠨ ᠢᠷᠡᠯᠲᠡ︾᠂ ︽ᠲᠦᠮᠡᠳ ᠤᠨ ᠺᠦᠩᠽᠢ ᠶᠢᠨ ᠰᠦᠮ᠎ᠡ ᠶᠢᠨ ᠲᠡᠤᠬᠡ︾ ᠵᠡᠷᠭᠡ ᠲᠡᠤᠬᠡᠨ ᠦᠯᠢᠭᠡᠷ ᠨᠢ ᠵᠢᠵᠢᠭᠬᠡᠨ ᠬᠤᠶᠠᠷ ᠬᠡᠮᠵᠢᠯᠳᠦ ᠺᠣᠳ᠋ ᠶᠢ ᠬᠤᠷᠢᠶᠠᠭᠳᠠᠨ ᠣᠷᠣᠵᠠᠢ᠃ ︽ᠭᠠᠷ ᠤᠲᠠᠰᠤ ᠪᠠᠷ ᠰᠢᠷᠪᠢᠪᠡᠯ᠂ ᠲᠠᠭᠤ ᠳᠠᠪᠲᠠᠮᠵᠢ ᠪᠠ ᠸᠢᠳᠢᠣ᠋ ᠪᠠᠷ ᠢᠦᠶ ᠴᠢᠤᠸᠠᠨ ᠲᠣᠭᠤᠷᠢᠭ ᠤᠨ ᠲᠡᠤᠬᠡ ᠰᠣᠶᠣᠯ ᠢ ᠣᠶᠢᠯᠠᠭᠠᠵᠤ ᠪᠣᠯᠤᠨ᠎ᠠ᠃︾ ᠢᠦᠶ ᠴᠢᠤᠸᠠᠨ ᠲᠣᠭᠤᠷᠢᠭ ᠤᠨ ᠰᠣᠶᠣᠯ ᠵᠤᠭᠠᠴᠠᠯ  ᠷᠠᠳᠢᠣ᠋ ᠲᠧᠯᠸᠢᠰ  ᠲᠣᠪᠴᠢᠶᠠᠨ ᠤ ᠳᠡᠳ᠋ ᠳᠠᠷᠤᠭ᠎ᠠ ᠸᠧᠶ ᠶᠤᠸᠠᠢ ᠹᠸᠢ ᠬᠡᠯᠡᠬᠦ ᠳᠡᠭᠡᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠬᠡᠬᠤᠲᠠ ᠶᠢᠨ ᠲᠡᠤᠬᠡ ᠰᠣᠶᠣᠯ ᠢ ᠳᠡᠯᠭᠡᠨ ᠦᠵᠡᠭᠦᠯᠬᠦ ᠪᠣᠯ ᠢᠦᠶ ᠴᠢᠤᠸᠠᠨ ᠲᠣᠭᠤᠷᠢᠭ ᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠲᠠᠯ᠎ᠠ ᠪᠠᠷ ᠬᠢ ᠭᠡᠷᠡᠯᠳᠤ ᠴᠡᠭ ᠪᠠ ᠰᠢᠨ᠎ᠡ ᠡᠭᠦᠳᠦᠯᠲᠡ ᠮᠥᠨ  ᠬᠡᠵᠠᠢ᠃    ︽ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠠᠪᠤᠴᠠ ᠳᠤ᠂ ᠵᠡᠭᠡᠯᠢ ᠭᠤᠳᠤᠮᠵᠢ ᠶᠢᠨ ᠦᠵᠡᠮᠵᠢ ᠶᠢᠨ ᠱᠤᠭ ᠵᠦᠴᠦᠭᠡ ᠪᠠᠷ ᠦᠰᠦᠭ ᠪᠢᠴᠢᠭ ᠤᠨ ᠲᠠᠨᠢᠯᠴᠠᠭᠤᠯᠭ᠎ᠠ ᠪᠣᠯᠤᠨ ᠠᠪᠢᠶᠠᠨ ᠤ ᠲᠠᠨᠢᠯᠴᠠᠭᠤᠯᠭ᠎ᠠ ᠵᠢᠴᠢ ᠰᠡᠶᠢᠯᠦᠮᠡᠯ ᠵᠢᠷᠤᠭ ᠵᠡᠷᠭᠡ ᠠᠭᠤᠯᠭ᠎ᠠ ᠶᠢ  ᠨᠡᠢᠳᠭᠡᠵᠦ᠂ ᠭᠠᠷ ᠣᠳᠠᠰᠣᠨ ᠤ ᠺᠣᠳ᠋ ᠰᠢᠷᠪᠢᠬᠦ ᠳᠥᠭᠦᠮ ᠠᠷᠭ᠎ᠠ ᠪᠠᠷ ᠳᠠᠮᠵᠢᠨ ᠬᠤᠲᠠ ᠶᠢᠨ ᠠᠷᠠᠳ ᠵᠤᠭᠠᠴᠠᠭᠰᠠᠳ ᠶᠠᠪᠤᠬᠤ ᠶᠢᠨ ᠳᠠᠭᠠᠤ ᠦᠵᠡᠵᠦ  ᠰᠣᠨᠣᠰᠴᠤ  ᠴᠢᠳᠠᠬᠤ ᠪᠦᠬᠡᠳ ᠬᠦᠬᠡᠬᠠᠳᠠ ᠬᠤᠲᠠ ᠶᠢᠨ ᠲᠡᠤᠬᠡ ᠶᠢ ᠪᠥᠬᠦ ᠲᠠᠯ᠎ᠠ ᠪᠠᠷ ᠣᠶᠢᠯᠠᠭᠠᠵᠤ ᠪᠣᠯᠤᠨ᠎ᠠ︾ ᠭᠡᠵᠦ ᠸᠧᠢ ᠶᠤᠸᠠᠢ ᠹᠸᠢ ᠬᠡᠯᠡᠪᠡ᠃    ᠢᠦᠶ ᠴᠢᠤᠸᠠᠨ ᠲᠣᠭᠤᠷᠢᠭ ᠤᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠳᠠᠨ ᠯᠢᠦ ᠹᠧᠩ ᠤᠨ ᠲᠠᠨᠢᠯᠴᠠᠭᠤᠯᠤᠭᠰᠠᠨ ᠢᠶᠠᠷ᠂ ᠢᠦᠶ ᠴᠢᠤᠸᠠᠨ ᠲᠣᠭᠤᠷᠢᠭ ᠨᠢ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠠᠪᠤᠴᠠ   ᠳᠤ  ᠭᠤᠶᠤᠵᠢᠭᠤᠯᠬᠤ᠂ ᠨᠣᠭᠤᠭᠠᠷᠠᠭᠤᠯᠬᠤ᠂ ᠭᠡᠷᠡᠯᠲᠦᠭᠦᠯᠬᠦ᠂ ᠰᠣᠶᠣᠯ ᠢ ᠨᠢᠭᠡ ᠴᠤᠭᠴᠠᠵᠢᠭᠤᠯᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ ᠠᠴᠠ ᠭᠠᠳᠠᠨ᠎ᠠ᠂ ᠪᠠᠰᠠ ᠠᠭᠤᠰᠤᠯᠴᠠᠭᠰᠠᠨ ᠰᠣᠶᠣᠯ ᠪᠠ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠡᠯᠧᠮᠧᠨ᠋ᠲ ᠢᠶᠠᠷ ᠳᠠᠮᠵᠢᠨ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠪᠡ᠃ ᠣᠳᠣᠬᠠᠨ ᠳᠤ᠂ ᠢᠦᠶ ᠴᠢᠤᠸᠠᠨ ᠲᠣᠭᠤᠷᠢᠭ ᠨᠢ ᠵᠡᠭᠡᠯᠢ ᠭᠤᠳᠤᠮᠵᠢ ᠶᠢᠨ ᠦᠵᠡᠮᠵᠢ ᠶᠢᠨ ᠱᠤᠭ ᠵᠦᠴᠦᠭᠡ ᠡᠭᠦᠳᠬᠦ᠂  ᠬᠦᠬᠡᠬᠤᠳᠠ ᠶᠢᠨ ᠳᠤᠷᠠᠰᠤᠮᠵᠢ ᠶᠢ ᠳᠡᠯᠭᠡᠨ ᠦᠵᠡᠭᠦᠯᠬᠦ᠂ ᠵᠡᠭᠡᠯᠢ ᠭᠤᠳᠤᠮᠵᠢ ᠶᠢᠨ ᠦᠵᠡᠮᠵᠢ ᠶᠢᠨ ᠨᠣᠭᠤᠭᠠᠷᠠᠭᠤᠯᠤᠯᠲᠠ ᠭᠤᠶᠣᠯᠠᠯᠲᠠ᠂ ᠰᠥᠨᠢ ᠶᠢᠨ ᠦᠵᠡᠮᠵᠢ ᠶᠢᠨ ᠭᠡᠷᠡᠯᠲᠦᠭᠦᠯᠭᠡ ᠵᠡᠷᠭᠡ ᠲᠠᠯ᠎ᠠ ᠪᠠᠷ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠤᠭᠰᠠᠨ ᠪᠠᠶᠢᠨ᠎ᠠ᠃ ᠳᠠᠷᠠᠭ᠎ᠠ ᠠᠯᠬᠤᠮ ᠳᠤ᠂ ᠢᠦᠶ ᠴᠢᠤᠸᠠᠨ ᠲᠣᠭᠤᠷᠢᠭ ᠰᠣᠶᠣᠯ ᠤᠨ ᠰᠢᠨ᠎ᠡ ᠡᠭᠦᠳᠦᠯᠲᠡ ᠶᠢ ᠦᠷᠭᠦᠯᠵᠢᠯᠡᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠳᠤ ᠠᠭᠤᠰᠤᠯᠴᠠᠭᠤᠯᠵᠤ᠂ ᠠᠷᠠᠳ ᠣᠯᠠᠨ ᠤ ᠵᠣᠯ ᠵᠢᠷᠭᠠᠯᠳᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ http://mongol.people.com.cn/15823719.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号