ᠨᠡᠶᠢᠭᠡᠮ ᠲᠣᠭᠤᠷᠢᠭ ᠤᠨ ᠦᠢᠯᠡᠴᠢᠯᠡᠭᠡ ᠨᠠᠰᠤᠲᠠᠶᠢᠴᠤᠳ ᠤᠨ ᠵᠣᠯ ᠵᠢᠷᠭᠠᠯ ᠳᠤ ᠦᠢᠯᠡᠴᠢᠯᠡᠨ᠎ᠡ
ᠨᠡᠶᠢᠲᠡᠯᠡᠭᠰᠡᠨ ᠴᠠᠭ᠄
2020/9/11
    9 ᠳ᠋ᠤᠭᠡᠷ ᠰᠠᠷ᠎ᠠ ᠶᠢᠨ 8 ᠤ ᠡᠳᠦᠷ᠂ ᠬᠤᠲᠣᠩ ᠠᠷᠠᠳ ᠤᠨ ᠲᠣᠭᠤᠷᠢᠭ ᠤᠨ ᠲᠦᠩ ᠳ᠋ᠤᠤ ᠬᠤᠶᠢᠲᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠨᠠᠰᠤᠲᠠᠶᠢᠴᠤᠳ ᠴᠡᠴᠡᠭ ᠤᠨ ᠤᠷᠠᠯᠢᠭ ᠰᠤᠷᠤᠯᠴᠠᠵᠤ ᠪᠠᠶᠢᠭ᠎ᠠ ᠨᠢ᠃ ᠣᠶᠢᠷ᠎ᠠ ᠶᠢᠨ ᠵᠢᠯ ᠤᠳ ᠲᠤ᠂ ᠬᠤᠲᠣᠩ ᠠᠷᠠᠳ ᠤᠨ ᠲᠣᠭᠤᠷᠢᠭ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠡᠭᠦᠯ ᠮᠡᠨᠳᠦ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠦᠢᠯᠡᠳᠭᠦᠨ ᠤ ᠬᠠᠩᠭᠠᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠵᠠᠰᠠᠭ ᠤᠨ ᠣᠷᠳᠣᠨ ᠭᠤᠣᠯᠯᠠᠨ ᠵᠢᠯᠤᠭᠤᠳᠴᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ᠂ ᠪᠦᠬᠦ ᠠᠷᠠᠳ ᠢᠶᠠᠷ ᠢᠶᠠᠨ ᠬᠠᠯᠠᠮᠵᠢᠯᠠᠭᠰᠠᠨ᠂ ᠴᠢᠳᠠᠮᠵᠢ ᠨᠢ ᠲᠡᠭᠦᠯᠳᠡᠷᠵᠢᠭᠰᠡᠨ᠂ ᠬᠡᠪᠴᠢᠶ᠎ᠡ ᠨᠢ ᠵᠣᠬᠢᠰᠲᠠᠢ ᠬᠤᠳᠠ ᠬᠥᠳᠡᠭᠡ ᠶᠢ ᠬᠠᠮᠤᠷᠤᠭᠰᠠᠨ ᠪᠣᠰᠤᠭ᠎ᠠ ᠴᠣᠭᠴᠠᠲᠤ ᠮᠠᠶ᠋ᠢᠭ ᠤᠨ᠂ ᠤᠯᠠᠨ ᠲᠡᠰ ᠲᠠᠪᠬᠤᠷᠭᠠᠳᠤ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠯᠳᠦᠭᠦᠯᠪᠡ  ᠃ ᠰᠤᠷᠪᠤᠯᠵᠢᠯᠠᠭᠴᠢ ᠯᠢᠦ ᠴᠢᠩ ᠢᠦᠶ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号