ᠦᠪᠤᠷ ᠮᠤᠩᠭᠤᠯ ᠡᠨᠡ ᠵᠢᠯ ᠰᠢᠨ᠎ᠡ ᠡᠭᠦᠳᠦᠯᠲᠡ ᠶᠢᠨ100 ᠵᠠᠯᠠᠭᠤ ᠴᠢᠳᠠᠪᠤᠷᠢᠲᠠᠨ ᠢ ᠰᠤᠩᠭᠤᠨ ᠰᠢᠯᠭᠠᠷᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2020/9/14
      ᠦᠪᠤᠷ ᠮᠤᠩᠭᠤᠯ ᠤᠨ ᠡᠳᠤᠷ ᠤᠨ ᠰᠤᠨᠢᠨ ᠤ 9 ᠰᠠᠷ᠎ᠠ ᠶᠢᠨ 10 ᠤ ᠡᠳᠤᠷ ᠤᠨ ᠮᠡᠳᠡᠭᠡ ︵ ᠰᠤᠷᠪᠤᠯᠵᠢᠯᠠᠭᠴᠢ ᠾᠦᠸᠧ ᠰᠢᠶᠤᠤ ᠴᠢᠩ︶ ᠵᠠᠯᠠᠭᠤ ᠴᠢᠳᠠᠪᠤᠷᠢᠲᠠᠨ ᠢ ᠬᠦᠮᠤᠵᠢᠭᠦᠯᠬᠦ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠶᠢᠨ ᠲᠤᠯᠠᠳᠠ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠮᠤᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠭᠠᠨ ᠤ ᠲᠢᠩᠬᠢᠮ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠠᠴᠠ ᠤᠶᠢᠷ᠎ᠠ ᠳᠤ ᠦᠪᠡᠷᠳᠡᠭᠡᠨ ᠵᠠᠰᠠᠬᠤ ᠤᠷᠤᠨ   ᠤ 2020 ᠤᠨ ᠤ ︽ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ︾ ᠤ ᠢᠨᠵᠧᠨᠧᠷᠢᠩ ᠤᠨ ᠰᠢᠨ᠎ᠡ ᠡᠭᠦᠳᠦᠯᠲᠡ ᠬᠢᠬᠦ ᠰᠢᠨ᠎ᠡ ᠦᠢᠯᠡᠰ ᠪᠤᠰᠬᠠᠬᠤ ᠴᠢᠳᠠᠪᠤᠷᠢᠲᠠᠨ ᠢ ᠰᠤᠩᠭᠤᠨ ᠰᠢᠯᠭᠠᠷᠠᠭᠤᠯᠬᠤ ᠠᠵᠢᠯ ᠦᠷᠨᠢᠭᠦᠯᠬᠦ ᠪᠠᠷ ᠪᠤᠯᠪᠠ᠂ ᠤᠳᠤ  ᠰᠤᠩᠭᠤᠨ ᠳᠡᠪᠰᠢᠭᠦᠯᠬᠦ ᠠᠵᠢᠯ ᠨᠢᠭᠡᠨᠲᠡ ᠡᠬᠢᠯᠡᠪᠡ  ᠃      ᠰᠤᠩᠭᠤᠨ ᠳᠡᠪᠰᠢᠭᠦᠯᠬᠦ ᠬᠡᠪᠴᠢᠶᠡᠨ ᠳᠤ ᠤᠷᠤᠬᠤ ᠡᠲᠡᠭᠡᠳ ᠪᠤᠯ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠲᠤᠷᠠᠭᠢ ᠳᠡᠭᠡᠳᠤ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠦ ᠠᠬᠤᠶᠢᠯᠠᠯ ᠪᠤᠯᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠵᠡᠷᠭᠡ ᠨᠢᠭᠡᠴᠡ ᠶᠢᠨ ᠪᠦᠬᠦᠯᠢ ᠠᠵᠢᠯ  ᠤᠨ ᠲᠦᠷᠢᠮᠳᠤ ᠠᠵᠢᠯ ᠤᠨ ᠪᠠᠶᠢᠷᠢ ᠳᠡᠭᠡᠷ᠎ᠡ 2 ᠵᠢᠯ   ᠠᠴᠠ ᠳᠡᠭᠡᠭᠰᠢ ᠠᠵᠢᠯᠯᠠᠭᠰᠠᠨ ᠠᠵᠢᠯᠲᠠᠨ ︵ᠠᠯᠪᠠᠳᠠᠨ ᠤ ᠶᠠᠪᠤᠳᠠᠯ ᠢᠶᠠᠷ ᠯᠠᠪᠯᠠᠯᠲᠠ ᠪᠤᠯᠭᠠᠭᠰᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠬᠠᠷᠢ ᠨᠤᠲᠤᠭ ᠤᠨ ᠬᠦᠮᠤᠨ ᠪᠠᠭᠳᠠᠬᠤ ᠦᠭᠡᠢ︶ ᠪᠤᠯᠤᠨ᠎ᠠ᠃ ᠰᠤᠩᠭᠤᠨ ᠳᠡᠪᠰᠢᠭᠦᠯᠬᠦ ᠠᠵᠢᠯ ᠨᠢ ᠰᠢᠨ᠎ᠡ ᠪᠠᠷ ᠮᠠᠨᠳᠤᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠯᠢᠳᠡᠭ ᠵᠠᠯᠠᠭᠤ ᠰᠢᠨᠵᠢᠯᠡᠬᠦ ᠮᠡᠷᠭᠡᠵᠢᠯ ᠤᠨ ᠴᠢᠳᠠᠪᠤᠷᠢᠲᠠᠨ᠂ ᠨᠡᠶᠢᠲᠡ ᠶᠢᠨ ᠦᠮᠴᠢᠯᠡᠯ  ᠤᠨ ᠪᠤᠰᠤ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠳᠤ ᠠᠵᠢᠯᠯᠠᠵᠦ ᠪᠠᠶᠢᠭ᠎ᠠ ᠰᠢᠯᠢᠳᠡᠭ  ᠵᠠᠯᠠᠭᠤ ᠴᠢᠳᠠᠪᠤᠷᠢᠲᠠᠨ ᠵᠢᠴᠢ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠤᠷᠤᠨ ᠳᠤ ᠰᠢᠨ᠎ᠡ ᠦᠢᠯᠡᠰ  ᠪᠦᠳᠦᠭᠡᠭᠴᠢᠳ᠂ ᠦᠨᠳᠦᠰᠤᠨ ᠱᠠᠳᠤᠨ ᠤ ᠶᠠᠳᠠᠭᠤ ᠶᠢ ᠲᠡᠳᠭᠦᠬᠦ ᠬᠠᠲᠠᠭᠤ ᠲᠠᠶᠢᠯᠠᠯᠳᠤᠭᠠᠨ ᠤ ᠡᠮᠤᠨ᠎ᠡ ᠹᠷᠤᠨᠲ ᠲᠤ ᠭᠠᠪᠰᠢᠭᠠᠶᠢᠯᠠᠭᠴᠢᠳ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠳᠡᠮᠡᠴᠡᠬᠦ ᠳᠤ ᠰᠢᠯᠢᠳᠡᠭ ᠠᠮᠵᠢᠯᠲᠠ ᠭᠠᠷᠭᠠᠭᠰᠠᠳ᠂ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠵᠠᠯᠠᠭᠤ ᠴᠢᠳᠠᠪᠤᠷᠢᠲᠠᠨ ᠵᠦᠭ ᠬᠡᠯᠪᠠᠶᠢᠯᠭᠡᠬᠦ ᠶᠢ ᠴᠢᠬᠤᠯᠠᠴᠢᠯᠠᠬᠤ ᠬᠡᠷᠡᠭᠲᠡᠶ᠃      ᠤᠶᠢᠯᠠᠭᠠᠭᠰᠠᠨ ᠢᠶᠠᠷ᠂ ᠡᠨᠡ ᠵᠢᠯ ᠦᠪᠤᠷ ᠮᠤᠩᠭᠤᠯ ᠤᠨ ᠬᠡᠪᠴᠢᠶᠡᠨ ᠳᠤ ᠪᠠᠶᠢᠭᠠᠯᠢ ᠶᠢᠨ ᠰᠢᠨᠵᠢᠯᠡᠬᠦ ᠤᠬᠠᠭᠠᠨ᠂ ᠪᠠᠷᠢᠯᠭ᠎ᠠ ᠶᠢᠨ ᠮᠡᠷᠭᠡᠵᠢᠯ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠪᠤᠯᠤᠨ ᠰᠤᠶᠤᠯ ᠵᠤᠭᠠᠴᠠᠯ᠂ ᠠᠵᠦ ᠠᠬᠤᠢ ᠮᠦᠩᠭᠦᠨ ᠭᠦᠢᠯᠭᠡᠭᠡᠨ ᠤ ᠬᠦᠷᠢᠶᠡᠨ ᠳᠠᠬᠢ ᠰᠢᠨ᠎ᠡ  ᠡᠭᠦᠳᠦᠯᠲᠡ ᠶᠢᠨ100 ᠵᠠᠯᠠᠭᠤ ᠴᠢᠳᠠᠪᠤᠷᠢᠲᠠᠨ ᠢ ᠰᠤᠩᠭᠤᠨ ᠰᠢᠯᠭᠠᠷᠠᠭᠤᠯᠬᠤ ᠪᠠᠷ ᠲᠦᠯᠦᠪᠯᠡᠵᠦ ᠪᠠᠶᠢᠨ᠎ᠠ᠃  ᠡᠭᠦᠨ ᠳᠤ ᠰᠢᠨ᠎ᠡ ᠡᠭᠦᠳᠦᠯᠲᠡ ᠶᠢᠨ ᠵᠠᠯᠠᠭᠤ ᠴᠢᠳᠠᠪᠤᠷᠢᠲᠠᠨ ᠤ ᠨᠢᠭᠡᠳᠡᠬᠢ ᠳᠠᠪᠬᠤᠷᠭ᠎ᠠ ᠶᠢᠨ 45  ᠬᠦᠮᠤᠨ ᠳᠤ ᠵᠢᠯ ᠪᠦᠷᠢ ᠬᠦᠮᠤᠨ ᠪᠦᠷᠢ 5 ᠲᠦᠮᠡᠨ ᠲᠦᠭᠦᠷᠢᠭ ᠲᠤᠰᠠᠯᠠᠵᠦ᠂ ᠳᠡᠮᠵᠢᠯᠭᠡ ᠶᠢᠨ ᠡᠷᠬᠢᠯᠲᠡ ᠶᠢᠨ ᠬᠤᠭᠤᠴᠠᠭ᠎ᠠ ᠭᠤᠷᠪᠠᠨ ᠵᠢᠯ ᠪᠠᠶᠢᠵᠦ᠂ ᠲᠤᠰᠬᠠᠢ ᠮᠡᠷᠭᠡᠵᠢᠯᠲᠡᠨ ᠠᠴᠠ ᠬᠢᠨᠠᠨ ᠦᠨᠡᠯᠡᠭᠡᠳ ᠦᠷ᠎ᠡ ᠪᠦᠳᠦᠮᠵᠢ ᠨᠢ ᠲᠤᠪᠤᠶᠢᠮ᠎ᠠ᠂ ᠬᠦᠮᠤᠵᠢᠭᠦᠯᠬᠦ ᠢᠷᠡᠭᠡᠳᠤᠢ ᠲᠠᠢ  ᠰᠢᠯᠢᠳᠡᠭ ᠴᠢᠳᠠᠪᠤᠷᠢᠲᠠᠨ ᠢ  ᠦᠪᠡᠷᠳᠡᠭᠡᠨ ᠵᠠᠰᠠᠬᠤ ᠤᠷᠤᠨ ︽ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ︾ ᠤ ᠢᠨᠵᠧᠨᠧᠷᠢᠩ ᠳᠤ  ᠭᠤᠤᠯᠳᠠᠯᠭ᠎ᠠ ᠲᠠᠢ ᠰᠤᠩᠭᠤᠨ ᠳᠡᠪᠰᠢᠭᠦᠯᠦᠨ᠎ᠡ︔ ᠰᠢᠨ᠎ᠡ ᠡᠭᠦᠳᠦᠯᠲᠡ ᠶᠢᠨ ᠵᠠᠯᠠᠭᠤ ᠴᠢᠳᠠᠪᠤᠷᠢᠲᠠᠨ ᠤ ᠬᠤᠶᠠᠲᠡᠬᠢ ᠳᠠᠪᠬᠤᠷᠭ᠎ᠠ ᠶᠢᠨ 45  ᠬᠦᠮᠤᠨ ᠳᠤ ᠬᠦᠮᠤᠨ ᠪᠦᠷᠢ ᠨᠢᠭᠡᠯᠡ ᠤᠳᠠᠭᠠᠨ ᠤ ᠴᠢᠨᠠᠷᠲᠠᠢ 5 ᠲᠦᠮᠡᠨ ᠲᠦᠭᠦᠷᠢᠭ ᠲᠤᠰᠠᠯᠠᠨ᠎ᠠ︔ ᠦᠢᠯᠡᠰ ᠪᠦᠳᠦᠭᠡᠭᠴᠢ ᠵᠠᠯᠠᠭᠤ ᠴᠢᠳᠠᠪᠤᠷᠢᠲᠠᠨ10  ᠬᠦᠮᠤᠨ ᠳᠤ ᠬᠦᠮᠤᠨ ᠪᠤᠯᠭᠠᠨ ᠳᠤ ᠨᠢᠭᠡᠯᠡ ᠤᠳᠠᠭᠠᠨ ᠤ ᠴᠢᠨᠠᠷᠲᠠᠢ10 ᠲᠦᠮᠡᠨ ᠲᠦᠭᠦᠷᠢᠭ ᠲᠤᠰᠠᠯᠠᠨ᠎ᠠ᠃      ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠯᠠᠭᠤ ᠰᠢᠨ᠎ᠡ ᠡᠭᠦᠳᠦᠯᠲᠡ ᠶᠢᠨ ᠴᠢᠳᠠᠪᠤᠷᠢᠲᠠᠨ ᠤ ᠱᠠᠩᠨᠠᠯ ᠢ ᠠᠳᠠᠯᠢᠳᠬᠠᠨ ᠰᠢᠯᠭᠠᠷᠠᠭᠤᠯᠵᠦ ᠬᠦᠭᠢᠭᠦᠯᠬᠦ ᠪᠤᠯ ᠡᠭᠦᠳᠦᠯᠲᠡ ᠪᠠᠷ ᠬᠦᠭᠵᠢᠯᠲᠡ ᠶᠢ ᠲᠠᠶᠢᠴᠢᠯᠠᠬᠤ ᠪᠠᠶᠢᠯᠳᠤᠬᠤ ᠪᠤᠲᠤᠯᠭ᠎ᠠ ᠪᠤᠯᠤᠨ ᠴᠢᠳᠠᠪᠤᠷᠢᠲᠠᠨ ᠢᠶᠠᠷ ᠤᠷᠤᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠲᠤᠯᠭ᠎ᠠ   ᠶᠢ ᠬᠡᠷᠡᠭᠵᠢᠭᠦᠯᠵᠦ᠂ ᠵᠠᠯᠠᠭᠤ ᠴᠢᠳᠠᠪᠤᠷᠢᠲᠠᠨ ᠤ ᠰᠢᠨ᠎ᠡ ᠶᠢ ᠡᠭᠦᠳᠬᠦ ᠤᠷᠮ᠎ᠠ ᠶᠢ ᠬᠦᠭᠵᠢᠭᠡᠬᠦ ᠬᠦᠴᠦᠲᠠᠢ ᠠᠷᠭ᠎ᠠ ᠪᠠᠷᠢᠯ ᠮᠥᠨ᠂ ᠡᠨᠡ ᠨᠢ ᠦᠪᠡᠷᠳᠡᠭᠡᠨ ᠵᠠᠰᠠᠬᠤ ᠤᠷᠤᠨ ᠤ  ᠴᠢᠳᠠᠪᠤᠷᠢᠲᠠᠨ ᠢ ᠤᠷᠮᠠᠰᠢᠭᠤᠯᠵᠦ ᠭᠦᠬᠢᠭᠦᠯᠬᠦ ᠰᠢᠰᠲ᠋ᠧᠮ   ᠢ ᠲᠡᠭᠦᠯᠳᠡᠷᠵᠢᠭᠦᠯᠵᠦ᠂ ᠨᠢᠭᠡᠨ ᠰᠠᠯᠠᠭ᠎ᠠ ᠳᠡᠭᠡᠳᠤ ᠲᠡᠰ ᠳᠠᠪᠬᠤᠷᠭ᠎ᠠ ᠶᠢᠨ ᠳᠠᠭᠠᠭᠤᠯᠤᠭᠴᠢ ᠴᠢᠳᠠᠪᠤᠷᠢᠲᠠᠨ ᠤ ᠵᠠᠯᠭᠠᠮᠵᠢ ᠬᠦᠴᠦᠨ ᠢ ᠪᠤᠢ ᠪᠤᠯᠭᠠᠬᠤ ᠳᠤ ᠢᠳᠡᠪᠬᠢᠲᠡᠢ ᠠᠬᠢᠭᠤᠯᠬᠤ ᠦᠢᠯᠡᠳᠤᠯ ᠦᠵᠡᠭᠦᠯᠬᠦ ᠪᠤᠯᠤᠨ᠎ᠠ᠃    http://mongol.people.com.cn/15823904.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号