ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠬᠤ ᠲᠤᠰᠬᠠᠶ ᠪᠠᠯᠠ ᠮᠥᠩᠭᠦ ᠪᠠᠭᠤᠯᠭᠠᠪᠠ
ᠨᠡᠶᠢᠲᠡᠯᠡᠭᠰᠡᠨ ᠴᠠᠭ᠄
2020/9/14
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠥᠩ ᠰᠢᠶᠠᠩ ᠬᠤᠸᠠ︶ ︽2020 ᠣᠨ ᠤ  ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠬᠦ ᠲᠤᠰᠬᠠᠶ ᠪᠠᠯᠠ ᠮᠥᠩᠭᠦ ᠶᠢᠨ ᠲᠥᠰᠦᠪ ᠢ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ  ᠤᠨ ᠲᠢᠩᠬᠢᠮ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ 2020 ᠣᠨ ᠤ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠬᠦ ᠲᠤᠰᠬᠠᠶ ᠵᠥᠢᠯ ᠤᠨ ᠪᠡᠯᠡ ᠮᠥᠩᠭᠦ ᠶᠢ 74 ᠲᠦᠮᠡᠨ ᠲᠥᠭᠦᠷᠢᠭ  ᠪᠠᠭᠤᠯᠭᠠᠵᠤ᠂ ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠳᠦᠷ ᠲᠤᠲᠤᠮ ᠤᠨ ᠰᠡᠯᠪᠢᠨ ᠵᠠᠰᠠᠵᠤ ᠥᠭᠡᠷᠡᠴᠢᠯᠡᠬᠦ ᠪᠠ ᠭᠠᠵᠠᠷ ᠬᠥᠳᠡᠯᠦᠯᠲᠡ ᠶᠢ ᠳᠠᠭᠠᠭᠠᠬᠤ ᠪᠠᠬᠢᠵᠢᠭᠦᠯᠦᠯᠲᠡ ᠳᠤ ᠲᠤᠰᠬᠠᠶ ᠵᠣᠶᠢᠯ ᠢᠶᠠᠷ ᠬᠡᠷᠡᠭᠯᠡᠬᠦ ᠪᠠᠷ ᠪᠤᠯᠪᠠ᠃ ᠲᠣᠰ ᠤᠳᠠᠭ᠎ᠠ ᠪᠠᠭᠤᠯᠭᠠᠭᠰᠠᠨ ᠪᠠᠯᠠ ᠮᠥᠩᠭᠦ ᠪᠣᠯ ︽2020 ᠣᠨ ᠤ ᠬᠤᠲᠠ ᠬᠥᠳᠡᠭᠡ ᠶᠢᠨ ᠠᠯᠪᠠᠨ ᠵᠢᠷᠤᠮ ᠤᠨ ᠰᠣᠷᠭᠠᠨ ᠬᠥᠮᠦᠵᠢᠯ ᠤᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠬᠦ ᠲᠤᠰᠬᠠᠶ ᠪᠠᠯᠠ ᠮᠥᠩᠭᠦ ᠶᠢᠨ ᠲᠦᠰᠣᠪ ᠢ ᠤᠷᠢᠳᠴᠢᠯᠠᠨ ᠪᠠᠭᠤᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ  ᠤᠨ ᠮᠡᠳᠡᠭᠳᠡᠯ︾   ᠳᠤ ᠨᠢᠭᠡᠨᠲᠡ ᠪᠠᠭᠤᠯᠭᠠᠭᠰᠠᠨ ᠰᠤᠷᠭᠠᠭᠤᠯᠢ ᠶᠢᠨ ᠪᠠᠶᠢᠷᠢ ᠶᠢ ᠰᠡᠯᠪᠢᠨ ᠵᠠᠰᠠᠵᠤ ᠥᠭᠡᠷᠡᠴᠢᠯᠡᠬᠦ ᠪᠠᠯᠠ ᠮᠥᠩᠭᠦ ᠶᠢᠨ ᠢᠯᠡᠭᠦᠤ ᠶᠢ ᠨᠢ ᠪᠤᠴᠠᠭᠠᠵᠤ ᠳᠤᠲᠠᠭᠤ ᠶᠢ ᠨᠢ ᠨᠥᠬᠦᠪᠥᠷᠢᠯᠡᠬᠦ ᠬᠡᠰᠡᠭ ᠪᠣᠯᠤᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠠᠴᠠ ᠡᠯ᠎ᠡ ᠭᠠᠵᠠᠷ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ  ᠠᠴᠠ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ  ᠶᠠᠪᠣᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︽ᠰᠤᠷᠭᠠᠨ ᠬᠥᠮᠦᠵᠢᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︿ᠠᠷᠪᠠᠨ ᠭᠤᠷᠪᠠᠳᠤᠭᠠᠷ ᠲᠠᠪᠤᠨ ᠵᠢᠯ ᠤᠨ﹀  ᠲᠥᠯᠥᠪᠵᠢᠭᠦᠯᠭᠡ︾ ᠵᠡᠷᠭᠡ ᠬᠤᠯᠪᠣᠭᠳᠠᠯ ᠪᠥᠬᠦᠶ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠶᠢ ᠬᠤᠪᠢᠶᠠᠷᠢᠯᠠᠬᠤ ᠳᠠᠭᠠᠨ ᠶᠠᠳᠠᠭᠤ ᠬᠦᠴᠢᠷᠳᠡᠯ ᠲᠠᠢ ᠭᠠᠵᠠᠷ ᠣᠷᠣᠨ ᠢᠯᠠᠩᠭᠤᠶ᠎ᠠ ᠣᠨᠴᠠ ᠶᠠᠳᠠᠭᠤ ᠬᠦᠴᠢᠷᠳᠡᠯ ᠲᠠᠢ ᠭᠠᠵᠠᠷ ᠣᠷᠣᠨ ᠲᠡᠰᠢ ᠬᠡᠯᠪᠠᠶᠢᠯᠭᠡᠬᠦ ᠶᠢ ᠴᠢᠬᠤᠯᠠᠴᠢᠯᠠᠬᠤ ᠬᠡᠷᠡᠭᠲᠡᠢ︔ ᠲᠥᠰᠦᠪ ᠢ ᠭᠦᠢᠴᠡᠳᠭᠡᠬᠦ ᠶᠢ ᠵᠣᠬᠢᠶᠠᠨ ᠪᠠᠶᠢᠭᠤᠯᠬᠤ ᠳᠤᠮᠳᠠ ᠣᠷᠣᠨ ᠪᠦᠰᠡ ᠶᠢᠨ ᠠᠮᠵᠢᠯᠲᠠ ᠪᠦᠲᠦᠮᠵᠢ ᠶᠢᠨ ᠬᠠᠷᠠᠯᠳᠡ ᠲᠠᠢ ᠬᠠᠷᠢᠴᠠᠭᠤᠯᠵᠤ ᠪᠠᠶᠢᠭᠠᠳ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ ᠪᠠ ᠦᠨᠡᠯᠡᠬᠦ ᠶᠢ ᠰᠠᠶᠢᠲᠤᠷ ᠬᠢᠵᠤ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠳᠠᠯᠠᠬᠤ ᠬᠡᠷᠡᠭᠲᠡᠢ︔ ᠪᠡᠯᠡ ᠮᠥᠩᠭᠦ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠨᠥᠬᠦᠪᠥᠷᠢ  ᠵᠠᠷᠣᠳᠠᠯ ᠢ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠬᠤᠳᠠᠯ ᠢᠶᠠᠷ ᠵᠢᠭᠰᠠᠭᠠᠬᠤ᠂ ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠶᠢ ︽ᠲᠥᠰᠦᠪ ᠤᠨ ᠬᠠᠤᠯᠢ︾ ︽ᠡᠳ᠋ ᠤᠨ ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ  ᠰᠢᠢᠳᠭᠡᠨ ᠲᠣᠷᠭᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃                  http://mongol.people.com.cn/15823896.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号