ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ | 9 ᠳ᠋ᠦ᠋ᠭᠡᠷ ᠰᠠᠷ᠎ᠠ ᠶᠢᠨ 11 ᠤ ᠡᠳᠦᠷ ᠤᠨ ᠣᠷᠣᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ | ᠬᠤᠲᠠ ᠶᠢᠨ ᠵᠠᠰᠠᠭ ᠤᠨ ᠣᠷᠳᠣᠨ ᠤ 2020 ᠣᠨ ᠤ 34 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ | ᠡᠷᠬᠢᠯᠡᠨ ᠬᠤᠷᠠᠯᠳᠤᠭᠤᠯᠵᠤ᠂ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠥᠪᠵᠢᠭᠦᠯᠭᠡ ᠶᠢᠨ ᠬᠥᠲᠥᠯᠪᠦᠷᠢ ᠳᠤ ᠣᠷᠣᠭᠤᠯᠬᠤ ᠭᠤᠣᠯᠳᠠᠯᠭ᠎ᠠ ᠲᠠᠢ ᠲᠥᠷᠥᠯ ᠵᠦᠢᠯ ᠤᠨ ᠳᠡᠪᠲᠡᠷ︾ ᠢ | ᠰᠤᠳᠤᠯᠵᠤ᠂ ︽ᠠᠷᠪᠢᠴᠢ ᠭᠠᠮᠳᠠᠢ ᠪᠠᠶᠢᠬᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠡᠳ᠋ ᠤᠨ | ᠵᠠᠰᠠᠭ ᠤᠨ ᠵᠠᠷᠤᠳᠠᠯ ᠢ ᠤᠯᠠᠮ ᠨᠢᠭᠡ ᠠᠯᠬᠤᠮ ᠴᠢᠩᠭ᠎ᠠ ᠬᠠᠮᠢᠶᠠᠷᠬᠤ ᠠᠷᠭ᠎ᠠ ᠬᠡᠮᠵᠢᠶ᠎ᠡ︾ ︽ᠪᠦᠬᠦ ᠬᠤᠲᠠ ᠶᠢᠨ ᠮᠠᠯ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠢᠷᠤᠮᠵᠢᠭᠤᠯᠤᠨ ᠬᠠᠮᠢᠶᠠᠷᠬᠤ ᠶᠢ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠵᠢᠭᠦᠯᠬᠦ ᠲᠥᠰᠥᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠬᠢᠨᠠᠨ | ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ ᠵᠢᠭᠠᠭᠰᠠᠨ ᠨᠢ᠂ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠶᠠᠭ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠵᠤ ᠪᠠᠶᠢᠨ᠎ᠠ᠂ ᠮᠠᠨ ᠤ | ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠬᠡᠷᠡᠭᠵᠢᠭᠦᠯᠬᠦ ᠪᠠᠷ ᠪᠠᠶᠢᠭ᠎ᠠ ᠡᠯ᠎ᠡ | ᠬᠦᠷᠢᠶ᠎ᠡ ᠴᠠᠷᠠᠭ᠎ᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠤ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠥᠲᠥᠯᠪᠦᠷᠢ ᠳᠤ ᠣᠷᠣᠭᠤᠯᠬᠤ ᠪᠠᠷ ᠴᠢᠷᠮᠠᠶᠢᠬᠤ | ᠨᠢ ᠲᠥᠷᠥᠯ ᠵᠦᠢᠯ ᠢ ᠬᠡᠷᠡᠭᠵᠢᠭᠦᠯᠬᠦ ᠶᠢ ᠲᠦᠷᠭᠡᠳᠬᠡᠨ᠂ ᠡᠷᠲᠡ ᠨᠢᠭᠡᠨ ᠡᠳᠦᠷ ᠪᠦᠲᠦᠭᠡᠨ ᠪᠠᠶᠢᠭᠤᠯᠤᠨ | ᠠᠰᠢᠭᠯᠠᠯᠲᠠ ᠳᠤ ᠣᠷᠣᠭᠤᠯᠬᠤ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ᠃ ᠬᠤᠯᠪᠣᠭᠳᠠᠯ ᠪᠦᠬᠦᠢ ᠭᠠᠵᠠᠷ | ᠣᠷᠣᠨ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠳᠤᠯᠵᠤ᠂ ᠨᠠᠷᠢᠯᠢᠭ ᠡᠮᠬᠢᠯᠡᠨ᠂ ᠣᠳᠣᠬᠠᠨ ᠳᠤ | ᠰᠠᠭᠤᠷᠢᠯᠠᠬᠤ ᠪᠠᠷ ᠪᠠᠷᠠᠬᠤ ᠦᠭᠡᠢ ᠪᠠᠰᠠ ᠠᠯᠤᠰ ᠬᠤᠯᠠ ᠶᠢ ᠬᠠᠷᠠᠵᠤ᠂ ᠥᠪᠡᠷᠲᠡᠭᠡᠨ ᠵᠠᠰᠠᠬᠤ ᠣᠷᠣᠨ ᠳᠤ | ᠮᠡᠳᠡᠭᠦᠯᠬᠦ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠥᠷᠥᠯ ᠵᠦᠢᠯ ᠢ ᠴᠢᠨᠠᠷ ᠰᠠᠶᠢᠲᠠᠢ ᠰᠣᠩᠭᠤᠬᠤ ᠬᠡᠷᠡᠭᠲᠡᠢ | ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠬᠤᠲᠠ ᠶᠢᠨ ︽ᠠᠷᠪᠢᠴᠢ ᠭᠠᠮᠳᠠᠢ ᠪᠠᠶᠢᠬᠤ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠡᠳ᠋ ᠤᠨ ᠵᠠᠰᠠᠭ ᠤᠨ ᠵᠠᠷᠤᠳᠠᠯ ᠢ ᠤᠯᠠᠮ ᠨᠢᠭᠡ ᠠᠯᠬᠤᠮ ᠴᠢᠩᠭ᠎ᠠ | ᠬᠠᠮᠢᠶᠠᠷᠬᠤ ᠠᠷᠭ᠎ᠠ ᠬᠡᠮᠵᠢᠶ᠎ᠡ︾ ᠶᠢ ᠲᠣᠭᠲᠠᠭᠠᠨ ᠨᠡᠶᠢᠲᠡᠯᠡᠬᠦ ᠨᠢ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ︽ᠭᠤᠷᠪᠠᠨ ᠠᠯᠪᠠᠨ︾ ᠤ ᠵᠠᠷᠤᠳᠠᠯ ᠢ ᠴᠢᠩᠭ᠎ᠠ ᠡᠵᠡᠮᠳᠡᠵᠦ᠂ ᠡᠩ ᠤᠨ ᠴᠢᠨᠠᠷᠲᠠᠢ ᠵᠠᠷᠤᠳᠠᠯ ᠵᠡᠷᠭᠡ ᠶᠢ ᠤᠯᠠᠮ ᠨᠢᠭᠡ | ᠠᠯᠬᠤᠮ ᠪᠠᠭᠠᠰᠬᠠᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ | ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠣᠢ | ᠪᠣᠯᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠡᠷᠡᠰ ᠵᠢᠷᠤᠮᠯᠠᠨ᠂ ᠲᠥᠰᠥᠪ ᠤᠨ | ᠬᠡᠷᠡᠭᠵᠢᠭᠦᠯᠦᠯᠲᠡ ᠶᠢᠨ ᠬᠦᠯᠢᠶᠡᠰᠦᠯᠡᠯ ᠢ ᠴᠢᠩᠭᠠᠳᠬᠠᠵᠤ᠂ ᠵᠠᠷᠤᠳᠠᠯ ᠤᠨ ᠬᠠᠮᠢᠶᠠᠷᠤᠯᠲᠠ ᠶᠢ ᠤᠯᠠᠮ ᠴᠢᠩᠭᠠᠳᠬᠠᠵᠤ᠂ | ᠵᠠᠷᠤᠬᠤ ᠴᠢᠬᠤᠯᠠᠲᠠᠢ ᠵᠣᠭᠤᠰ ᠢ ᠦᠨᠡᠨᠬᠦ ᠣᠨᠢᠨ ᠳᠡᠭᠡᠷ᠎ᠡ ᠨᠢ ᠵᠠᠷᠤᠬᠤ ᠬᠡᠷᠡᠭᠲᠡᠢ ᠭᠡᠪᠡ᠃ | ᠬᠤᠷᠠᠯ ᠠᠴᠠ ᠵᠢᠭᠠᠭᠰᠠᠨ ᠨᠢ᠂ ᠮᠠᠯ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠢᠷᠤᠮᠵᠢᠭᠤᠯᠤᠨ | ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠮᠠᠯ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠵᠢᠴᠢ ᠡᠷᠭᠢᠨ ᠲᠣᠭᠤᠷᠢᠨ ᠤ ᠣᠷᠴᠢᠨ ᠲᠣᠭᠤᠷᠢᠨ ᠢ ᠪᠦᠲᠦᠮᠵᠢᠲᠡᠢ ᠴᠡᠭᠴᠡᠯᠡᠨ ᠵᠠᠰᠠᠬᠤ ᠨᠢ᠂ | ᠥᠷᠭᠡᠨ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠤᠭᠳᠠᠬᠤ ᠪᠠᠷ ᠪᠠᠷᠠᠬᠤ ᠦᠭᠡᠢ ᠮᠥᠨᠴᠦ | ᠬᠤᠲᠠ ᠶᠢᠨ ᠪᠦᠬᠦᠯᠢ ᠴᠤᠭᠴᠠ ᠶᠢᠨ ᠳᠦᠷᠢ ᠲᠦᠷᠬᠦ ᠪᠠ ᠪᠣᠯᠪᠠᠰᠤᠨ ᠤ ᠬᠢᠷᠢ ᠲᠦᠪᠰᠢᠨ ᠢ ᠬᠠᠷᠠᠭᠤᠯᠬᠤ ᠴᠢᠬᠤᠯᠠ | ᠰᠢᠨᠵᠢ ᠲᠡᠮᠳᠡᠭ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠴᠠᠭ ᠢᠮᠠᠭᠲᠠ ᠪᠠᠷᠢᠮᠲᠠᠯᠠᠵᠤ᠂ ᠡᠯ᠎ᠡ ᠲᠥᠷᠥᠯ ᠤᠨ ᠮᠠᠯ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ ᠢ ᠦᠨᠳᠦᠰᠦᠯᠡᠨ᠂ ᠦᠢᠯᠡᠴᠢᠯᠡᠭᠡ ᠶᠢᠨ ᠴᠢᠳᠠᠪᠤᠷᠢ ᠶᠢ | ᠲᠡᠭᠦᠯᠳᠡᠷᠵᠢᠭᠦᠯᠬᠦ᠂ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠲᠥᠷᠥᠯ | ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠠᠯᠬᠤᠮ ᠬᠤᠪᠢᠶᠠᠨ ᠲᠦᠯᠬᠢᠨ ᠠᠬᠢᠭᠤᠯᠵᠤ᠂ ᠪᠣᠯᠪᠠᠰᠤᠨ ᠡᠮᠬᠢ ᠵᠢᠷᠤᠮ | ᠲᠠᠢ᠂ ᠠᠷᠢᠭᠤᠨ ᠴᠡᠪᠡᠷ ᠠᠮᠤᠷ ᠲᠦᠪᠰᠢᠨ ᠮᠠᠯ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠣᠷᠴᠢᠨ | ᠲᠣᠭᠤᠷᠢᠨ ᠢ ᠪᠣᠢ ᠪᠣᠯᠭᠠᠨ᠂ ᠥᠷᠭᠡᠨ ᠣᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ | ᠠᠮᠤᠷ ᠲᠦᠪᠰᠢᠨ ᠲᠦᠷᠦᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠪᠡ᠃ | ᠬᠤᠷᠠᠯ ᠳᠡᠭᠡᠷ᠎ᠡ ᠪᠠᠰᠠ ︽ᠬᠥᠬᠡᠬᠤᠲᠠ ᠶᠢᠨ ᠬᠡᠯᠬᠢᠶ᠎ᠡ ᠶᠢ ᠪᠠᠶᠢᠭᠤᠯᠬᠤ ᠬᠡᠯᠬᠢᠶ᠎ᠡ ᠶᠢ ᠨᠥᠬᠦᠪᠦᠷᠢᠯᠡᠬᠦ | ᠬᠡᠯᠬᠢᠶ᠎ᠡ ᠶᠢ ᠬᠦᠴᠦᠷᠬᠡᠭᠵᠢᠭᠦᠯᠬᠦ ᠶᠢ ᠲᠦᠷᠭᠡᠳᠬᠡᠵᠦ ᠠᠵᠤ ᠦᠢᠯᠡᠰ ᠤᠨ ᠬᠡᠯᠬᠢᠶ᠎ᠡ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ︾᠂ ᠣᠶᠤᠨᠲᠤ ᠬᠥᠬᠡ ᠬᠤᠲᠠ ᠪᠦᠲᠦᠭᠡᠨ | ᠪᠠᠶᠢᠭᠤᠯᠤᠯᠲᠠ ᠡᠵᠡᠩᠨᠡᠯᠲᠡ ᠶᠢᠨ ᠺᠣᠮᠫᠠᠨᠢ ᠶᠢ ᠪᠠᠶᠢᠭᠤᠯᠬᠤ ᠲᠥᠰᠥᠯ᠂ 2020 ᠣᠨ ᠤ ᠠᠩᠬᠠᠳᠤᠭᠠᠷ | ᠬᠤᠭᠤᠴᠠᠭᠠᠨ ᠤ ᠲᠠᠯ᠎ᠠ ᠨᠤᠲᠤᠭ ᠤᠨ ᠺᠠᠷᠲ᠋ᠣᠨ ᠱᠤᠭ ᠵᠢᠷᠤᠭ ᠤᠨ ᠨᠠᠭᠠᠳᠤᠮ ᠡᠷᠬᠢᠯᠡᠬᠦ ᠪᠠᠷ ᠭᠤᠶᠤᠴᠢᠯᠠᠬᠤ ᠵᠡᠷᠭᠡ | ᠤᠴᠢᠷ ᠶᠠᠪᠤᠳᠠᠯ ᠢ ᠰᠤᠳᠤᠯᠪᠠ᠃ | ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠰᠢᠦᠢ ᠷᠦᠢ ᠰᠢᠶᠠ᠂ ᠪᠢ ᠭᠥᠸᠧ | ᠴᠧᠨ᠂ ᠶᠦᠨ ᠰᠢᠨ ᠮᠢᠩ᠂ ᠴᠢᠶᠥᠥ ᠶᠦᠨ ᠯᠢ᠂ ᠵᠠᠩ ᠭᠥᠸᠧ ᠫᠢᠩ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ︵ᠯᠢ ᠬᠠᠢ ᠵᠧᠨ︶ |