ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠠᠷᠢᠶᠠᠴᠢᠳ ᠤᠨ ᠡᠯᠪᠡᠭ ᠬᠤᠷᠢᠶᠠᠯᠲᠠ ᠶᠢ ᠪᠠᠲᠤᠯᠠᠪᠠ
ᠨᠡᠶᠢᠲᠡᠯᠡᠭᠰᠡᠨ ᠴᠠᠭ᠄
2020/9/14
      ᠬᠤᠷᠢᠨᠭᠡᠷ ᠰᠢᠶᠠᠨ ᠤ ᠱᠠᠪᠠᠭ᠋ᠠᠢ ᠵᠠᠰᠠᠭ ᠵᠠᠬᠢᠷᠭᠠᠨ ᠤ ᠲᠣᠰᠬᠤᠨ ᠤ ᠰᠢᠪᠠᠷᠲᠠᠢ᠂ ᠰᠢᠨ ᠳ᠋ᠢ᠂ ᠱᠠᠪᠠᠭ᠋ᠠᠢ ᠭᠤᠷᠪᠠᠨ ᠪᠠᠶᠢᠭᠠᠯᠢ ᠶᠢᠨ ᠲᠣᠰᠬᠤᠨ ᠳᠤ ᠨᠡᠶᠢᠲᠡ 1143 ᠡᠷᠦᠬᠡ᠂ 2548 ᠬᠥᠮᠥᠨ ᠠᠮᠠ ᠲᠠᠢ᠂ 34000 ᠭᠠᠷᠤᠢ ᠮᠤ᠋ ᠲᠠᠷᠢᠶᠠᠨ ᠭᠠᠵᠠᠷ ᠲᠠᠢ᠂ 2019 ᠣᠨ ᠳᠤ ᠱᠠᠪᠠᠭ᠋ᠠᠢ ᠲᠣᠰᠬᠤᠨ ᠤ ᠪᠠᠶᠢᠭᠤᠯᠤᠭᠰᠠᠨ 24000 ᠮᠤ᠋ ᠥᠨᠳᠥᠷ ᠪᠠᠷᠢᠮᠵᠢᠶᠠᠲᠤ ᠵᠢᠱᠢᠶ᠎ᠡ ᠦᠵᠡᠭᠦᠯᠬᠦ ᠲᠠᠷᠢᠶᠠᠨ ᠭᠠᠵᠠᠷ ᠨᠢ ᠲᠣᠰᠬᠤᠨ ᠤ ᠲᠠᠷᠢᠶᠠᠴᠢᠳ ᠤᠨ ᠬᠥᠮᠥᠨ ᠳᠤᠮᠳᠠᠴᠢ  ᠶᠢᠨ ᠣᠷᠣᠯᠭ᠎ᠠ ᠶᠢ 12000 ᠲᠥᠭᠦᠷᠢᠭ ᠬᠦᠷᠭᠡᠪᠡ᠃      2019 ᠣᠨ ᠳᠤ᠂ ᠱᠠᠪᠠᠭ᠋ᠠᠢ ᠲᠣᠰᠬᠤᠨ ᠤ ᠪᠦᠬᠦᠶᠢᠯᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠴᠠ 461 ᠲᠠᠷᠢᠶᠠᠴᠢᠨ ᠡᠷᠦᠬᠡ ᠠᠰᠢᠭ ᠬᠦᠷᠲᠡᠪᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠰᠠᠶᠢᠵᠢᠷᠠᠭᠤᠯᠵᠤ᠂ ᠤᠰᠤᠨ ᠲᠠᠷᠢᠶᠠᠨ ᠤ ᠲᠠᠯᠠᠪᠠᠢ ᠶᠢ ᠶᠡᠬᠡᠰᠬᠡᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂   ᠬᠤᠵᠢᠮ ᠲᠤᠰᠬᠤᠨ ᠤ ᠨᠡᠶᠢᠲᠡ ᠶᠢᠨ ᠠᠵᠤ ᠠᠬᠤᠢ ᠬᠦᠴᠦᠷᠬᠡᠭᠵᠢᠬᠦ ᠳᠤ ᠴᠦ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠣᠯᠭᠤᠭᠰᠠᠨ ᠪᠠᠶᠢᠨ᠎ᠠ᠃ ᠡᠨᠡ ᠵᠢᠯ ᠤᠨ ᠲᠠᠷᠢᠶᠠᠯᠠᠬᠤ ᠴᠠᠭ ᠲᠤ᠂ ᠱᠠᠪᠠᠭ᠋ᠠᠢ ᠲᠣᠰᠬᠤᠨ ᠠᠴᠠ ᠪᠠᠰᠠ ᠲᠣᠰᠬᠤᠨ ᠤ ᠠᠷᠠᠳ ᠲᠤ ᠪᠠᠷᠤᠭ 2 ᠲᠦᠮᠡᠨ ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤ ᠠᠷᠪᠢᠯᠠᠬᠤ ᠤᠰᠤᠯᠠᠯᠲᠠ ᠶᠢᠨ ᠲᠥᠬᠦᠭᠡᠷᠦᠮᠵᠢ ᠬᠤᠭᠤᠯᠠᠢ ᠬᠤᠪᠢᠶᠠᠵᠤ᠂ ᠲᠣᠰᠣᠯᠠᠭᠤᠯᠤᠨ ᠤᠰᠤᠯᠠᠬᠤ ᠪᠠᠷ ᠳᠠᠮᠵᠢᠨ᠂ ᠠᠵᠢᠯ ᠢ ᠠᠷᠪᠢᠯᠠᠵᠤ ᠬᠦᠴᠦ ᠶᠢ ᠠᠷᠪᠢᠯᠠᠵᠤ ᠤᠰᠤ ᠶᠢ ᠠᠷᠪᠢᠯᠠᠭᠰᠠᠨ ᠢᠶᠠᠷ ᠪᠠᠷᠠᠬᠤ ᠦᠭᠡᠢ ᠤᠷᠭᠤᠯᠲᠠ ᠶᠢ ᠰᠠᠶᠢᠵᠢᠷᠠᠭᠤᠯᠵᠤ᠂ ᠤᠨᠠᠯᠲᠠ ᠶᠢ ᠳᠡᠭᠡᠭᠰᠢᠯᠡᠭᠦᠯᠦᠨ ᠣᠷᠣᠯᠭ᠎ᠠ ᠶᠢ ᠪᠠᠲᠤᠯᠠᠭᠰᠠᠨ ᠪᠠᠶᠢᠨ᠎ᠠ᠃      ᠥᠩᠭᠡᠷᠡᠭᠰᠡᠨ ᠳᠤ ᠱᠠᠪᠠᠭ᠋ᠠᠢ ᠲᠣᠰᠬᠤᠨ ᠤ ᠲᠠᠷᠢᠶᠠᠯᠠᠩ ᠠᠵᠤ ᠠᠬᠤᠢ ᠶᠢᠨ ᠰᠠᠭᠤᠷᠢ ᠲᠥᠬᠦᠭᠡᠷᠦᠮᠵᠢ ᠨᠡᠯᠢᠶᠡᠳ ᠬᠤᠴᠣᠷᠤᠩᠭᠤᠢ᠂ ᠣᠯᠠᠨ ᠲᠦᠮᠡᠨ ᠤ ᠬᠠᠮᠤᠭ ᠠᠴᠠ ᠰᠠᠨᠠᠭᠠᠰᠢᠷᠠᠳᠠᠭ ᠨᠢ ᠤᠰᠤᠨ ᠲᠠᠷᠢᠶᠠᠨ ᠤ ᠠᠰᠠᠭᠤᠳᠠᠯ ᠪᠠᠶᠢᠪᠠ᠃ 2018 ᠣᠨ ᠠᠴᠠ 2019 ᠣᠨ ᠤ ᠬᠤᠭᠤᠷᠣᠨᠳᠤ᠂ ᠱᠠᠪᠠᠭ᠋ᠠᠢ ᠲᠣᠰᠬᠤᠨ ᠤᠯᠤᠰ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠤᠷᠢᠳ ᠬᠤᠵᠢᠳ 2700 ᠲᠦᠮᠡᠨ ᠲᠥᠭᠦᠷᠢᠭ ᠭᠤᠶᠤᠴᠢᠯᠠᠨ ᠣᠯᠵᠤ᠂ 50 ᠴᠠᠬᠢᠯᠭᠠᠨ ᠬᠤᠳᠳᠤᠭ ᠮᠠᠯᠲᠠᠨ᠂ 240000 ᠮᠧᠲᠷ ᠪᠦᠷᠬᠦᠪᠴᠢ ᠶᠢᠨ ᠳᠣᠣᠷᠠᠬᠢ ᠤᠰᠤ ᠲᠣᠰᠣᠯᠠᠭᠤᠯᠬᠤ ᠬᠤᠭᠤᠯᠠᠢ ᠳᠡᠪᠢᠰᠴᠦ᠂ ᠲᠣᠰᠬᠤᠨ ᠤ 400 ᠴᠠᠬᠢᠯᠭᠠᠨ ᠬᠤᠳᠳᠤᠭ ᠢ ᠨᠡᠶᠢᠳᠬᠡᠨ᠂ ᠣᠳᠣ ᠪᠣᠯᠬᠤ ᠳᠤ ᠪᠦᠬᠦ ᠲᠣᠰᠬᠤᠨ ᠤ 34000 ᠭᠠᠷᠤᠢ ᠮᠤ᠋ ᠲᠠᠷᠢᠶᠠᠨ ᠭᠠᠵᠠᠷ ᠢ ᠪᠦᠬᠦᠨ ᠢ ᠤᠰᠤ ᠠᠷᠪᠢᠯᠠᠨ ᠤᠰᠤᠯᠠᠬᠤ ᠪᠣᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号