ᠰᠢᠨ᠎ᠡ ᠬᠤᠲᠠ ᠲᠣᠭᠤᠷᠢᠭ ᠣᠯᠠᠨ ᠵᠣᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠥᠷᠢᠴᠡᠯ  ᠵᠢᠭᠤᠷᠠᠭᠠᠨ ᠢ ᠠᠷᠢᠯᠭᠠᠬᠤ ᠬᠠᠮᠲᠤᠷᠠᠭᠰᠠᠨ ᠦᠢᠯᠡᠴᠢᠯᠡᠭᠡᠨ ᠤ ᠲᠥᠪ ᠤᠨ ᠭᠤᠷᠪᠠᠳᠤᠭᠠᠷ ᠳᠡᠰ ᠤᠨ ᠲᠣᠣᠷ ᠤᠨ ᠪᠠᠶᠢᠭᠤᠯᠤᠯᠲᠠ ᠪᠠ ᠠᠵᠢᠯᠯᠠᠭᠠᠨ ᠢ ᠠᠬᠢᠭᠤᠯᠤᠨ᠎ᠠ
ᠨᠡᠶᠢᠲᠡᠯᠡᠭᠰᠡᠨ ᠴᠠᠭ᠄
2020/9/15
      9 ᠳ᠋ᠦ᠋ᠭᠡᠷ ᠰᠠᠷ᠎ᠠ ᠶᠢᠨ 13 ᠤ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠳᠡᠳ᠋ ᠱᠦᠵᠢ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ ᠮᠠ ᡁᠢ ᠭᠠᠩ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠸᠠᠩ ᠮᠢᠨ ᠨᠡᠷ ᠤᠷᠢᠳ ᠬᠤᠵᠢᠳ ᠵᠡᠭᠦᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳ᠋ᠦᠩ ᠹᠧᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠪᠤᠷᠤᠬᠤᠰᠢᠭᠤ ᠪᠠᠯᠭᠠᠰᠤᠨ ᠤ ᠭᠤᠷᠪᠠᠨ ᠪᠠᠶᠢᠰᠢᠩ ᠲᠣᠰᠬᠤᠨ ᠳᠤ ᠬᠦᠷᠴᠦ᠂ ᠡᠯ᠎ᠡ ᠭᠠᠵᠠᠷ ᠤᠨ ︽ᠳᠥᠷᠪᠡᠨ ᠰᠡᠳᠭᠢᠯ ᠢ ᠨᠢᠭᠡᠳᠬᠡᠬᠦ︾ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠡᠯ᠎ᠡ ᠵᠡᠭᠡᠯᠢ ᠭᠤᠳᠤᠮᠵᠢ ᠶᠢᠨ ᠱᠦᠵᠢ ᠪᠠᠷᠢᠯᠭ᠎ᠠ ᠶᠢᠨ ᠠᠬᠢᠯᠲᠠ ᠶᠢᠨ ᠲᠤᠬᠠᠶ ᠲᠣᠪᠴᠢ ᠮᠡᠳᠡᠭᠦᠯᠦᠯᠲᠡ ᠬᠢᠵᠦ᠂ ᠮᠠ ᡁᠢ ᠭᠠᠩ ᠱᠦᠵᠢ ᠴᠢᠬᠤᠯᠠᠴᠢᠯᠠᠭᠰᠠᠨ ᠨᠢ᠂ ᠡᠯ᠎ᠡ ᠵᠡᠭᠡᠯᠢ ᠭᠤᠳᠤᠮᠵᠢ ᠨᠢ ᠪᠠᠷᠢᠯᠭ᠎ᠠ ᠶᠢᠨ ᠠᠬᠢᠴᠠ ᠶᠢ ᠴᠢᠩᠭ᠎ᠠ ᠠᠩᠬᠠᠷᠴᠤ᠂ ᠵᠢᠱᠢᠭᠰᠡᠨ ᠴᠠᠭ ᠲᠤ ᠠᠵᠢᠯ ᠲᠤᠰᠢᠶᠠᠬᠤ ᠶᠢ ᠪᠠᠲᠤᠯᠠᠵᠤ᠂ ᠵᠠᠯᠭᠠᠭᠠᠳ ᠲᠥᠪ ᠤᠨ ᠡᠵᠡᠩᠨᠡᠯᠲᠡ ᠶᠢᠨ ᠪᠠᠶᠢᠳᠠᠯ ᠳᠤ ᠴᠢᠭᠯᠡᠭᠦᠯᠦᠨ ᠵᠢᠯᠣᠭᠤᠳᠬᠤ ᠴᠢᠨᠠᠷᠲᠠᠶ ᠰᠠᠨᠠᠭᠤᠯᠭ᠎ᠠ ᠳᠤᠷᠠᠳᠴᠤ᠂ ᠰᠠᠷ᠎ᠠ ᠶᠢᠨ ᠰᠡᠭᠦᠯᠴᠢ ᠠᠴᠠ ᠡᠮᠦᠨ᠎ᠡ ᠡᠷᠬᠡᠪᠰᠢ ᠤᠷᠲᠤ ᠬᠤᠭᠤᠴᠠᠭᠠᠨ ᠤ ᠪᠦᠲᠦᠮᠵᠢᠲᠡᠶ ᠠᠵᠢᠯ ᠳᠤ ᠣᠷᠣᠵᠤ᠂ ᠵᠦᠷᠢᠴᠡᠯ ᠢ ᠦᠨᠳᠦᠰᠦᠨ ᠱᠠᠲᠤᠨ ᠳᠤ ᠨᠠᠮᠳᠠᠭᠠᠨ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号