ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ ᠲᠦᠷᠦᠬᠦᠬᠡᠨ | ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠤᠯᠤᠰ ᠤᠨ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠬᠤᠳᠠ ᠶᠢᠨ ᠪᠦᠲᠦᠬᠡᠨ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠬᠤᠳᠠ ᠪᠠᠷ ᠨᠡᠷᠡᠶᠢᠳᠦᠭᠰᠡᠨ 26 | ᠬᠤᠲᠠ ᠶᠢ ᠨᠡᠶᠢᠲᠡᠯᠡᠭᠰᠡᠨ ᠤ ᠳᠣᠲᠣᠷ᠎ᠠ᠂ ᠮᠠᠨ ᠤ ᠣᠷᠣᠨ ᠤ ᠲᠥᠪ ᠬᠥᠬᠡᠬᠤᠲᠠ ᠲᠣᠳᠣᠷᠠᠭᠰᠠᠨ ᠪᠠᠶᠢᠨ᠎ᠠ᠃ | 2013 ᠣᠨ ᠤ 10 ᠰᠠᠷ᠎ᠠ ᠳᠤ᠂ ᠬᠦᠬᠡᠬᠤᠳᠠ ᠶᠢᠨ ︽ᠤᠯᠠᠨ ᠨᠡᠶᠢᠳᠡ ᠶᠢᠨ ᠵᠠᠮ ᠬᠠᠷᠢᠯᠴᠠᠭᠠᠨ ᠤ | ᠬᠤᠳᠠ︾ ᠪᠠᠷ ᠮᠡᠳᠡᠬᠦᠯᠬᠦ ᠲᠦᠰᠦᠯ ᠤᠯᠤᠰ ᠤᠨ ᠵᠠᠮ ᠬᠠᠷᠢᠯᠴᠠᠭ᠎ᠠ ᠲᠡᠬᠡᠬᠡᠪᠦᠷᠢ ᠶᠢᠨ ᠶᠠᠮᠤᠨ ᠤ ᠲᠤᠰᠬᠠᠢ | ᠮᠡᠷᠬᠡᠵᠢᠯᠳᠡᠨ ᠤ ᠦᠨᠡᠯᠡᠨ ᠬᠢᠨᠠᠯᠳᠠ ᠳᠤ ᠬᠢᠷᠢ ᠲᠡᠩᠴᠡᠵᠦ᠂ ᠮᠦᠨ ᠵᠢᠯ ᠤᠨ 11 ᠰᠠᠷ᠎ᠠ ᠶᠢᠨ 21 ᠤ ᠡᠳᠦᠷ᠂ | ᠬᠦᠬᠡᠬᠤᠳᠠ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠵᠢᠩᠬᠢᠨᠢ ᠪᠠᠷ ᠲᠤᠭᠳᠠᠭᠠᠬᠰᠠᠨ ᠪᠦᠬᠦ | ᠤᠯᠤᠰ ᠤᠨ ᠬᠤᠶᠠᠳᠤᠭᠠᠷ ᠪᠦᠯᠦᠭ ᠤᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠬᠤᠳᠠ ᠶᠢ ᠡᠬᠦᠳᠦᠨ | ᠪᠠᠶᠢᠭᠤᠯᠬᠤ 22 ᠬᠤᠳᠠ ᠶᠢᠨ ᠨᠢᠬᠡ ᠪᠤᠯᠪᠠ᠃ 2019 ᠤᠨ ᠤ 10 ᠰᠠᠷ᠎ᠠ ᠶᠢᠨ 31 ᠤ ᠡᠳᠦᠷ᠂ | ᠬᠦᠬᠡᠬᠤᠳᠠ ᠶᠢᠨ ᠤᠯᠤᠰ ᠤᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠬᠤᠳᠠ ᠶᠢᠨ ᠪᠦᠲᠦᠬᠡᠨ | ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠢᠨᠵᠧᠨᠧᠷᠢᠩ ᠢ ᠰᠢᠯᠭᠠᠨ ᠬᠤᠷᠢᠶᠠᠬᠤ ᠠᠵᠢᠯ ᠢ ᠲᠠᠭᠤᠰᠬᠠᠵᠦ᠂ | ᠲᠦᠷᠦᠬᠦᠬᠡᠨ ᠬᠦᠬᠡᠬᠤᠳᠠ ᠤᠯᠤᠰ ᠤᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠬᠤᠳᠠ ᠶᠢᠨ ᠪᠦᠲᠦᠬᠡᠨ | ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠬᠤᠳᠠ ᠪᠠᠷ ᠨᠡᠷᠡᠶᠢᠳᠦᠭᠳᠡᠪᠡ᠃ | ᠤᠳᠤᠬᠠᠨ ᠳᠤ᠂ ᠬᠦᠬᠡᠬᠤᠳᠠ ᠨᠡᠶᠢᠳᠡ 224 ᠵᠤᠷᠪᠤᠰ ᠤᠯᠠᠨ ᠨᠡᠶᠢᠳᠡ ᠶᠢᠨ ᠵᠠᠮ ᠬᠠᠷᠢᠯᠴᠠᠭᠠᠨ ᠤ | ᠡᠵᠡᠩᠨᠡᠯᠲᠡ ᠶᠢᠨ ᠱᠤᠭᠤᠮ ᠲᠠᠢ᠂ ᠡᠵᠡᠩᠨᠡᠯᠳᠡ ᠬᠢᠵᠦ ᠪᠠᠶᠢᠭ᠎ᠠ ᠣᠯᠠᠨ ᠨᠡᠶᠢᠲᠡ ᠶᠢᠨ ᠮᠠᠰᠢᠨ ᠲᠡᠷᠬᠡ ᠨᠡᠶᠢᠳᠡ | 2504 ᠪᠠᠶᠢᠵᠦ᠂ ᠡᠵᠡᠩᠨᠡᠯᠳᠡ ᠬᠢᠵᠦ ᠪᠠᠶᠢᠭ᠎ᠠ ᠵᠠᠮ ᠱᠤᠭᠤᠮ ᠤᠨ ᠤᠷᠳᠤ 3803.3 ᠺᠢᠯᠤᠮᠧᠲᠷ ᠲᠤ ᠬᠦᠷᠴᠤ᠂ | ᠬᠤᠳᠠ ᠶᠢᠨ ᠭᠤᠤᠯ ᠵᠠᠮ ᠳᠤ 10 ᠵᠤᠷᠪᠤᠰ ᠬᠤᠷᠳᠤᠨ ᠤ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠱᠤᠭᠤᠮ ᠢ | ᠨᠢᠬᠡᠨᠳᠡ ᠨᠡᠪᠲᠡᠷᠡᠬᠦᠯᠦᠭᠰᠡᠨ ᠠᠴᠠ ᠭᠠᠳᠠᠨ᠎ᠠ᠂ ᠬᠤᠳᠠᠯᠳᠤᠭᠠᠨ ᠤ ᠶᠠᠪᠤᠳᠠᠯ ᠤᠨ 16 ᠵᠤᠷᠪᠤᠰ ᠤᠯᠠᠨ ᠨᠡᠶᠢᠳᠡ ᠶᠢᠨ | ᠵᠠᠮ ᠬᠠᠷᠢᠯᠴᠠᠭᠠᠨ ᠤ ᠱᠤᠭᠤᠮ ᠢ ᠲᠤᠭᠢᠷᠠᠭᠤᠯᠵᠦ᠂ ᠰᠤᠷᠤᠬᠴᠢᠳ ᠤᠨ 25 ᠵᠤᠷᠪᠤᠰ ᠲᠤᠰᠬᠠᠢ ᠵᠠᠮ ᠬᠠᠷᠢᠯᠴᠠᠭᠠᠨ ᠤ | ᠱᠤᠭᠤᠮ᠂ ᠬᠤᠳᠠ ᠬᠦᠳᠡᠭᠡ ᠶᠢᠨ 27 ᠵᠤᠷᠪᠤᠰ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠱᠤᠭᠤᠮ ᠢ | ᠨᠡᠪᠲᠡᠷᠡᠬᠦᠯᠵᠦ᠂ ᠬᠤᠷᠳᠤᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ᠂ ᠦᠨᠳᠦᠰᠦᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ᠂ ᠣᠨᠴᠠᠯᠢᠭᠲᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠢ | ᠱᠤᠭᠤᠮ᠂ ᠬᠤᠳᠠ ᠬᠦᠳᠡᠭᠡ ᠶᠢᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠱᠤᠭᠤᠮ ᠵᠡᠷᠬᠡ ᠪᠠᠷ ᠪᠦᠷᠢᠯᠳᠦᠭᠰᠡᠨ | ᠤᠯᠠᠨ ᠲᠡᠰ ᠲᠠᠪᠬᠤᠷᠭᠠᠳᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠤᠤᠷ ᠰᠢᠰᠲ᠋ᠧᠮ ᠢ ᠪᠦᠷᠢᠯᠳᠦᠭᠦᠯᠵᠡᠢ᠃ | ᠪᠦᠷᠢᠳᠬᠡᠯ ᠢᠶᠠᠷ᠂ 2013 ᠤᠨ ᠠᠴᠠ 2019 ᠤᠨ ᠪᠣᠯᠲᠠᠯ᠎ᠠ᠂ ᠬᠦᠬᠡᠬᠤᠳᠠ ᠶᠢᠨ ᠤᠯᠠᠨ ᠨᠡᠶᠢᠳᠡ ᠶᠢᠨ | ᠵᠠᠮ ᠬᠠᠷᠢᠯᠴᠠᠭᠠᠨ ᠤ ᠦᠷᠳᠡᠭᠡ ᠴᠡᠭ ᠤᠨ 500 ᠮᠧᠲᠷ ᠤᠨ ᠪᠦᠷᠬᠦᠴᠡ 71.6% ᠪᠠᠶᠢᠬᠰᠨᠨ ᠠᠴᠠ | 100% ᠳᠤ ᠬᠦᠷᠴᠤ᠂ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠲᠤᠰᠬᠠᠢ ᠵᠠᠮ ᠤᠨ ᠤᠷᠳᠤ 17 ᠺᠢᠯᠤᠮᠧᠲᠷ | ᠪᠠᠶᠢᠬᠰᠠᠨ ᠠᠴᠠ 227 ᠺᠢᠯᠤᠮᠧᠲᠷ ᠪᠤᠯᠤᠨ ᠨᠡᠮᠡᠭᠳᠡᠵᠦ᠂ ᠲᠦᠮᠡᠨ ᠬᠦᠮᠦᠨ ᠳᠤ ᠨᠤᠬᠳᠠᠬᠤ ᠤᠯᠠᠨ ᠨᠡᠶᠢᠳᠡ ᠶᠢᠨ | ᠵᠠᠮ ᠬᠠᠷᠢᠯᠴᠠᠭᠠᠨ ᠤ ᠮᠠᠰᠢᠨ ᠲᠡᠷᠬᠡᠨ ᠤ ᠲᠤᠭ᠎ᠠ 10.1 ᠪᠠᠶᠢᠬᠰᠠᠨ ᠠᠴᠠ 23.8 ᠪᠤᠯᠤᠨ ᠨᠡᠮᠡᠭᠳᠡᠵᠦ᠂ ᠦᠷᠯᠦᠬᠡ | ᠦᠳᠡᠰᠢ ᠶᠢᠨ ᠠᠶᠠᠨᠴᠢᠳ ᠲᠦᠪᠯᠡᠷᠡᠭᠰᠡᠨ ᠴᠠᠬ ᠲᠠᠬᠢ ᠴᠢᠶ᠋ᠢᠤ ᠲᠤᠰᠤ ᠪᠠ ᠴᠠᠬᠢᠯᠭᠠᠨ ᠬᠦᠳᠡᠯᠬᠡᠬᠦᠷᠳᠤ ᠨᠡᠶᠢᠲᠡ ᠶᠢᠨ | ᠮᠠᠰᠢᠨ ᠲᠡᠷᠬᠡᠨ ᠤ ᠳᠤᠮᠳᠠᠴᠢ ᠬᠤᠷᠳᠤᠴᠠ 12 ᠺᠢᠯᠤᠮᠧᠲᠷ / ᠴᠠᠬ ᠪᠠᠶᠢᠬᠰᠠᠨ ᠠᠴᠠ 18.4 ᠺᠢᠯᠤᠮᠧᠲᠷ / ᠴᠠᠬ | ᠪᠤᠯᠵᠦ ᠲᠦᠷᠬᠡᠳᠪᠠ᠃ ᠡᠬᠦᠨ ᠠᠴᠠ ᠭᠠᠳᠠᠨ᠎ᠠ᠂ ᠬᠦᠬᠡᠬᠤᠳᠠ ᠶᠢᠨ ᠴᠢᠶ᠋ᠢᠤ ᠲᠤᠰᠤ ᠪᠠ ᠴᠠᠬᠢᠯᠭᠠᠨ ᠬᠦᠳᠡᠯᠬᠡᠬᠦᠷᠳᠤ | ᠨᠡᠶᠢᠳᠡ ᠶᠢᠨ ᠮᠠᠰᠢᠨ ᠲᠡᠷᠬᠡᠨ ᠤ ᠲᠡᠷᠬᠡᠨ ᠵᠤᠬᠰᠤᠭᠠᠯ ᠳᠤ ᠵᠤᠬᠰᠤᠬᠤ ᠨᠣᠷᠮ᠎ᠠ 100% ᠳᠤ ᠬᠦᠷᠴᠤ᠂ ᠵᠠᠮ | ᠱᠤᠭᠤᠮ ᠤᠨ ᠲᠣᠣᠷ ᠤᠨ ᠤᠷᠳᠤ 748 ᠺᠢᠯᠤᠮᠧᠲᠷ ᠲᠤ ᠬᠦᠷᠴᠤ᠂ ᠵᠠᠮ ᠱᠤᠭᠤᠮ ᠤᠨ ᠲᠣᠣᠷ ᠤᠨ ᠨᠢᠬᠳᠠᠴᠠ 3. | 4 ᠺᠢᠯᠣᠮᠧᠲᠷ / ᠲᠡᠭᠰᠢ ᠲᠦᠷᠪᠡᠯᠵᠢᠨ ᠺᠢᠯᠣᠮᠧᠲᠷ ᠲᠤ ᠬᠦᠷᠴᠤ᠂ ᠴᠢᠶ᠋ᠢᠤ ᠲᠤᠰᠤ ᠪᠠ ᠴᠠᠬᠢᠯᠭᠠᠨ ᠬᠦᠳᠡᠯᠬᠡᠬᠦᠷᠳᠤ | ᠤᠯᠠᠨ ᠨᠡᠶᠢᠳᠡ ᠶᠢᠨ ᠮᠠᠰᠢᠨ ᠲᠡᠷᠬᠡᠨ ᠤ ᠲᠤᠮᠳᠠᠴᠢ ᠠᠰᠢᠬᠯᠠᠯᠳᠠ ᠶᠢᠨ ᠬᠤᠭᠤᠴᠠᠭ᠎ᠠ 3.58 ᠵᠢᠯ ᠳᠤ ᠬᠦᠷᠴᠤ᠂ | 100% ᠪᠠᠷ ᠢᠶᠠᠨ ᠪᠤᠬᠢᠷᠳᠤᠯ ᠦᠬᠡᠢ ᠤᠯᠠᠨ ᠨᠠᠶᠢᠳᠡ ᠶᠢᠨ ᠵᠠᠮ ᠬᠠᠷᠢᠯᠴᠠᠭᠠᠨ ᠤ ᠮᠠᠰᠢᠨ ᠲᠡᠷᠬᠡ ᠪᠤᠯᠤᠬᠰᠠᠨ | ᠪᠠᠶᠢᠨ᠎ᠠ᠃ |