8 ᠰᠠᠷ᠎ᠠ ᠳᠤ ᠬᠥᠬᠡᠬᠤᠲᠠ ︽ᠪᠦᠷᠢᠨ ᠴᠢᠳᠠᠮᠵᠢᠳᠤ ᠺᠠᠷᠲ︾ ᠢᠶᠠᠷ 14 ᠳ᠋ᠦᠩᠰᠢᠭᠤᠷ ᠭᠠᠷᠤᠢ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠠᠢ
ᠨᠡᠶᠢᠲᠡᠯᠡᠭᠰᠡᠨ ᠴᠠᠭ᠄
2020/9/15
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ 8 ᠰᠠᠷ᠎ᠠ ᠳᠤ᠂ ᠬᠦᠬᠡᠬᠤᠲᠠ ︽ᠪᠦᠷᠢᠨ ᠴᠢᠳᠠᠮᠵᠢᠳᠤ ᠺᠠᠷᠲ︾ ᠢᠶᠠᠷ ᠳᠠᠮᠵᠢᠨ ᠨᠡᠶᠢᠲᠡ 141601.92 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠠᠢ᠃ ᠡᠭᠦᠨ ᠳᠤ ᠮᠠᠯᠴᠢᠨ ᠳᠠᠷᠢᠶᠠᠴᠢᠨ ᠳᠤ 130978.91 ᠲᠦᠮᠡᠨ ᠲᠥᠭᠦᠷᠢᠭ ᠤᠨ ᠨᠥᠬᠦᠪᠥᠷᠢ ᠮᠥᠩᠭᠦ ᠤᠯᠭᠤᠵᠤ᠂ 92.5% ᠶᠢ ᠡᠵᠡᠯᠡᠨ᠂ ᠬᠤᠲᠠ ᠪᠠᠯᠭᠠᠰᠤᠨ ᠤ ᠰᠠᠭᠤᠭᠠᠯᠢ ᠠᠷᠠᠳ ᠲᠤ 10623.01 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠵᠤ᠂ 7.5% ᠶᠢ ᠡᠵᠡᠯᠡᠪᠡ᠃ ᠪᠦᠬᠦ ᠬᠤᠲᠠ ᠶᠢᠨ 90 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠤᠯᠪᠤᠭᠳᠠᠵᠤ᠂ 2615638 ᠬᠥᠮᠦᠨ ᠤᠳᠠᠭ᠎ᠠ ᠲᠠᠷᠬᠠᠭᠠᠵᠠᠢ᠂ ᠡᠭᠦᠨ ᠤ ᠳᠣᠲᠣᠷ᠎ᠠ ᠬᠥᠳᠡᠭᠡ ᠲᠣᠰᠬᠤᠨ ᠤ ᠨᠥᠬᠦᠪᠥᠷᠢ ᠣᠯᠭᠤᠬᠤ ᠡᠲᠡᠭᠡᠳ 2438388 ᠪᠠᠶᠢᠵᠤ᠂ 93.22% ᠢ ᠡᠵᠡᠯᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠲᠤ 177250 ᠬᠦᠮᠦᠨ ᠳᠤ ᠨᠥᠬᠦᠪᠦᠷᠢ ᠣᠯᠭᠤᠵᠤ᠂ 6.78% ᠶᠢ ᠡᠵᠡᠯᠡᠪᠡ᠃     ᠲᠤᠰ ᠰᠠᠷ᠎ᠠ ᠶᠢᠨ ᠲᠠᠷᠬᠠᠭᠠᠭᠰᠠᠨ ᠨᠥᠬᠦᠪᠦᠷᠢ ᠮᠥᠩᠭᠦ ᠶᠢᠨ ᠲᠥᠷᠥᠯ ᠵᠦᠢᠯ ᠨᠡᠶᠢᠲᠡ 80 ᠬᠦᠷᠢᠶ᠎ᠡ ᠴᠠᠷᠠᠭ᠎ᠠ ᠶᠢᠨ 66 ᠲᠥᠷᠥᠯ ᠤᠨ 83 ᠵᠦᠢᠯ ᠲᠠᠢ ᠬᠤᠯᠪᠤᠭᠳᠠᠵᠠᠢ᠃ ᠡᠳ᠋ ᠤᠨ ᠵᠠᠰᠠᠭ ᠤᠨ ᠨᠥᠬᠦᠪᠥᠷᠢ ᠮᠥᠩᠭᠦ ᠶᠢᠨ ᠳᠣᠲᠣᠷ᠎ᠠ ᠣᠯᠭᠤᠬᠰᠠᠨ ᠵᠣᠭᠤᠰ ᠤᠨ ᠲᠤᠭ᠎ᠠ ᠨᠡᠯᠢᠶᠡᠳ ᠶᠡᠭᠡ ᠨᠢ ᠭᠤᠤᠯᠳᠠᠭᠤ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠣᠢ ᠰᠢᠭᠤᠢ ᠶᠢᠨ ᠲᠥᠷᠥᠯ᠂ ᠴᠠᠯᠢᠩ ᠤᠨ ᠲᠥᠷᠥᠯ᠂ ᠪᠦᠲᠦᠭᠡᠨ ᠪᠠᠶᠢᠭᠤᠯᠤᠯᠲᠠ ᠶᠢᠨ ᠲᠥᠷᠥᠯ ᠪᠣᠯᠣᠨ ᠲᠠᠷᠢᠶᠠᠯᠠᠩ ᠤᠨ ᠲᠥᠷᠥᠯ᠂ ᠮᠠᠯ ᠠᠵᠤ ᠠᠬᠤᠢ ᠶᠢᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠵᠢᠷᠭᠤᠭᠠᠨ ᠶᠡᠭᠡ ᠲᠥᠷᠥᠯ ᠤᠨ ᠨᠥᠬᠦᠪᠦᠷᠢ ᠮᠥᠩᠭᠦ ᠪᠣᠯᠣᠨ᠎ᠠ᠃ ᠡᠭᠦᠨ ᠳᠤ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠮᠥᠩᠭᠦ 67182.25 ᠲᠦᠮᠡᠨ ᠲᠥᠭᠦᠷᠢᠭ᠂ 47% ᠶᠢ ᠡᠵᠡᠯᠡᠪᠡ︔ ᠮᠠᠯ ᠠᠵᠤ ᠠᠬᠤᠶ ᠲᠠᠷᠢᠶᠠᠯᠠᠩ ᠤᠨ ᠲᠥᠷᠥᠯ ᠤᠨ ᠨᠥᠬᠦᠪᠥᠷᠢ ᠮᠥᠩᠭᠦ 40063.47 ᠲᠦᠮᠡᠨ ᠲᠥᠭᠦᠷᠢᠭ᠂ 28% ᠶᠢ ᠡᠵᠡᠯᠡᠪᠡ︔ ᠣᠶ ᠰᠢᠭᠤᠢ ᠶᠢᠨ ᠲᠥᠷᠥᠯ ᠤᠨ ᠨᠥᠬᠦᠪᠦᠷᠢ ᠮᠥᠩᠭᠦ 12363.37 ᠲᠦᠮᠡᠨ ᠲᠥᠭᠦᠷᠢᠭ᠂ 9% ᠶᠢ ᠡᠵᠡᠯᠡᠪᠡ︔ ᠴᠠᠯᠢᠩ ᠤᠨ ᠲᠥᠷᠥᠯ ᠤᠨ ᠨᠥᠬᠦᠪᠥᠷᠢ ᠮᠥᠩᠭᠦ 9895.55 ᠲᠦᠮᠡᠨ ᠲᠥᠭᠦᠷᠢᠭ᠂ 7% ᠶᠢ ᠡᠵᠡᠯᠡᠪᠡ︔ ᠪᠦᠲᠦᠭᠡᠨᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ ᠮᠥᠩᠭᠦ 6642.3 ᠲᠦᠮᠡᠨ ᠲᠥᠭᠦᠷᠢᠭ᠂ 5% ᠶᠢ ᠡᠵᠡᠯᠡᠪᠡ︔ ᠳᠡᠭᠡᠷᠡᠬᠢ ᠵᠢᠷᠭᠤᠭᠠᠨ ᠲᠥᠷᠥᠯ ᠤᠨ ᠨᠥᠬᠦᠪᠦᠷᠢ ᠮᠥᠩᠭᠦ ᠨᠢ ᠶᠡᠷᠦᠩᠬᠡᠢ ᠲᠣᠭᠠᠨ ᠤ 96.15% ᠶᠢ ᠡᠵᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号