ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠪᠠᠷ ᠰᠤᠯᠠ ᠭᠠᠷᠤᠭᠰᠠᠨ ᠣᠷᠣᠨ ᠵᠠᠢ ᠳᠤ ᠦᠵᠡᠮᠵᠢ ᠶᠢᠨ ᠴᠡᠴᠡᠷᠯᠢᠭ ᠭᠠᠷᠭᠠᠪᠠ
ᠨᠡᠶᠢᠲᠡᠯᠡᠭᠰᠡᠨ ᠴᠠᠭ᠄
2020/9/15
     ᠣᠷᠴᠢᠮ᠂ ᠬᠤᠲᠠ ᠶᠢᠨ ᠠᠷᠠᠳ ᠢᠦᠢ ᠴᠢᠣᠸᠠᠨ ᠲᠣᠭᠤᠷᠢᠭ ᠤᠨ ᠦᠵᠡᠮᠵᠢ ᠶᠢᠨ ᠴᠡᠴᠡᠷᠯᠢᠭ ᠲᠤ ᠰᠤᠯᠠ ᠲᠣᠭᠤᠷᠢᠨ᠎ᠠ᠂ ᠢᠦᠢ ᠴᠢᠦᠸᠠᠨ ᠲᠣᠭᠤᠷᠢᠭ ᠬᠠᠷᠢᠶ᠎ᠠ ᠣᠷᠣᠨ ᠤ   ᠪᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠭᠠᠵᠠᠷ ᠣᠷᠣᠨ ᠳᠤᠨᠢ ᠲᠣᠬᠢᠷᠠᠭᠤᠯᠤᠨ ᠬᠤᠲᠠ ᠶᠢᠨ ᠳᠤᠮᠳᠠᠬᠢ ᠳᠥᠭᠦᠮ ᠪᠦᠲᠦᠴᠡᠲᠦ ᠣᠷᠣᠨ ᠰᠠᠭᠤᠴᠠ ᠶᠢᠨ ᠥᠭᠡᠷᠡᠴᠢᠯᠡᠯᠲᠡ ᠪᠠᠷ ᠰᠤᠯᠠ ᠭᠠᠷᠤᠭᠰᠠᠨ ᠣᠷᠣᠨ ᠵᠠᠢ ᠶᠢ ᠠᠰᠢᠭᠯᠠᠨ ᠣᠯᠠᠨ ᠤ ᠲᠣᠭᠤᠷᠢᠨ ᠰᠡᠯᠡᠭᠦᠴᠡᠬᠦ ᠳᠤ ᠲᠣᠬᠢᠷᠠᠮᠵᠢᠲᠠᠢ ᠦᠵᠡᠮᠵᠢ ᠶᠢᠨ ᠴᠡᠴᠡᠷᠯᠢᠭ ᠭᠠᠷᠭᠠᠪᠠ᠃ ᠲᠤᠰᠬᠠᠢ ᠮᠡᠷᠭᠡᠵᠢᠯ ᠤᠨ ᠦᠵᠡᠮᠵᠢ ᠶᠢᠨ ᠵᠢᠷᠤᠭ ᠲᠥᠯᠥᠪᠯᠡᠭᠡ ᠪᠠ ᠨᠣᠭᠤᠭᠠᠷᠠᠭᠤᠯᠤᠯᠲᠠ᠂ ᠰᠠᠷᠠᠪᠴᠢᠲᠤ ᠰᠠᠨᠳᠠᠯᠢ᠂ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠵᠡᠷᠭᠡ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢᠨ ᠲᠥᠬᠦᠭᠡᠷᠦᠮᠵᠢ ᠨᠢ ᠬᠤᠲᠠ ᠶᠢᠨ ︽ᠥᠩᠭᠡ ᠵᠢᠰᠦ︾ ᠶᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠬᠤᠲᠠ ᠶᠢᠨ ᠠᠷᠠᠳ ᠲᠤ ᠪᠡᠶ᠎ᠡ ᠪᠠᠨ ᠴᠢᠭᠢᠷᠠᠭᠵᠢᠭᠤᠯᠬᠤ ᠰᠠᠶᠢᠬᠠᠨ ᠭᠠᠵᠠᠷ ᠣᠯᠭᠤᠵᠠᠢ᠃ᠰᠤᠷᠪᠤᠯᠵᠢᠯᠠᠭᠴᠢ ᠯᠢᠦ ᠴᠢᠩ ᠢᠦᠢ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号