ᠬᠥᠬᠡᠬᠤᠲᠠ ᠶᠠᠳᠠᠭᠤ ᠠᠴᠠ ᠲᠤᠭᠤᠰᠢᠲᠠᠢ ᠠᠩᠭᠢᠵᠢᠷᠠᠭᠤᠯᠬᠤ ᠭᠤᠤᠯᠳᠠᠯᠭ᠎ᠠ ᠲᠠᠢ ᠭᠤᠭᠴᠤᠭ᠎ᠠ ᠳᠤ | ᠠᠩᠬᠠᠷᠣᠯ ᠢᠶᠠᠨ ᠲᠠᠯᠪᠢᠵᠤ᠂ 4 ᠲᠥᠷᠥᠯ ᠤᠨ ᠴᠢᠳᠠᠪᠤᠷᠢᠲᠠᠨ ᠢ ᠬᠥᠲᠥᠯᠥᠨ ᠵᠢᠯᠣᠭᠤᠳᠴᠤ ᠪᠠᠶᠢᠭᠠᠳ ᠶᠠᠳᠠᠭᠤ ᠶᠢ | ᠲᠡᠳᠬᠦᠬᠦ ᠨᠢᠭᠡᠳᠦᠭᠡᠷ ᠹᠷᠣᠨᠲ ᠲᠤ ᠣᠶᠢᠯᠡᠴᠢᠯᠡᠭᠡ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠣᠶᠤᠨ ᠤ | ᠲᠤᠯᠭᠠᠭᠤᠷᠢᠯᠠᠯ ᠬᠠᠩᠭᠠᠵᠠᠢ ᠃ | ᠨᠠᠮ ᠵᠠᠰᠠᠭ ᠤᠨ ᠴᠢᠳᠠᠪᠤᠷᠢᠲᠠᠨ ᠢ ᠨᠢᠭᠡᠳᠦᠭᠡᠷ ᠹᠷᠣᠨᠲ ᠲᠤ ᠪᠠᠭᠤᠯᠭᠠᠵᠤ ᠬᠠᠪᠰᠤᠷᠤᠨ ᠲᠡᠳᠭᠦᠪᠡ᠃ ᠪᠦᠬᠦ | ᠬᠤᠲᠠ ᠳᠤ ᠨᠡᠶᠢᠲᠡ 47 ᠰᠢᠶᠠᠨ ᠭᠠᠵᠠᠷ ᠤᠨ ᠲᠠᠰ ᠤᠨ ᠺᠠᠳ᠋ᠷ ᠢ ᠰᠣᠩᠭᠤᠨ ᠲᠣᠮᠢᠯᠠᠵᠤ᠂ ᠰᠢᠶᠠᠩ ᠪᠠᠯᠭᠠᠰᠤᠨ ᠤ | ᠨᠢᠭᠡᠳᠦᠭᠡᠷ ᠱᠦᠵᠢ ᠪᠠᠷ ᠮᠠᠩᠯᠠᠶᠢᠯᠠᠭᠤᠯᠤᠨ ᠵᠢᠯᠣᠭᠤᠳᠣᠭᠤᠯᠵᠠᠶ᠃ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠲᠠᠢ | ᠰᠢᠶᠠᠩ ᠪᠠᠯᠭᠠᠰᠤ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠠᠵᠢᠯ ᠢ ᠵᠢᠯᠣᠭᠤᠳᠬᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠠᠵᠤ ᠣᠶᠢᠯᠡᠰ ᠢ ᠬᠥᠭᠵᠢᠭᠦᠯᠬᠦ᠂ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ 6 | ᠵᠣᠶᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠰᠠᠶᠢᠲᠤᠷ ᠠᠳᠬᠤᠪᠠ᠃ | ᠲᠣᠰᠬᠤᠨ ᠳᠤ ᠰᠠᠭᠤᠭ᠎ᠠ 920 ᠨᠢᠭᠡᠳᠦᠭᠡᠷ ᠱᠦᠵᠢ ᠶᠢ ᠲᠣᠰᠬᠤᠨ ᠳᠤ ᠲᠣᠮᠢᠯᠠᠨ ᠣᠴᠢᠭᠤᠯᠵᠤ᠂ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ | ᠵᠣᠬᠢᠴᠠᠭᠤᠯᠵᠤ᠂ ᠠᠵᠢᠯ ᠤᠨ ᠵᠢᠯᠣᠭᠤᠳᠤᠯᠭ᠎ᠠ ᠶᠢ ᠪᠦᠬᠦ ᠬᠦᠴᠦᠨ ᠢᠶᠠᠷ ᠰᠠᠶᠢᠲᠤᠷ ᠠᠳᠬᠤᠪᠠ ᠃ | ᠮᠡᠷᠭᠡᠵᠢᠯ ᠤᠨ ᠴᠢᠳᠠᠪᠤᠷᠢᠲᠠᠨ ᠤ ᠣᠨᠣᠴᠠᠲᠠᠶ ᠵᠢᠯᠣᠭᠤᠳᠣᠯᠭ᠎ᠠ ᠶᠢ ᠴᠢᠩᠭᠠᠳᠬᠠᠪᠠ᠃ ︽ᠮᠢᠩᠭᠠᠨ | ᠴᠢᠳᠠᠪᠤᠷᠢᠲᠠᠨ ᠦᠨᠳᠦᠰᠦᠨ ᠱᠠᠲᠤᠨ ᠳᠤ ᠪᠠᠭᠤᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ | ᠬᠦᠷᠢᠶᠡᠨ ᠤ ᠴᠢᠳᠠᠪᠤᠷᠢᠲᠠᠨ ᠤ ᠲᠤᠰᠬᠠᠶ ᠮᠡᠷᠭᠡᠵᠢᠯᠲᠡᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠢᠯᠣᠭᠤᠳᠣᠯᠭ᠎ᠠ | ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠭᠦᠭᠵᠢᠯᠳᠡ ᠳᠤ | ᠬᠥᠳᠡᠯᠭᠡᠬᠦ ᠬᠦᠴᠦᠨ ᠬᠠᠩᠭᠠᠪᠠ᠃ ᠣᠳᠣᠬᠠᠨ ᠳᠤ᠂ ᠪᠥᠬᠦ ᠬᠤᠲᠠ ᠶᠢᠨ 502 ᠰᠢᠨᠵᠢᠯᠡᠬᠦ ᠤᠬᠠᠭᠠᠨ ᠮᠡᠷᠭᠡᠵᠢᠯ ᠤᠨ | ᠣᠨᠴᠠ ᠲᠣᠮᠢᠯᠠᠭᠳᠠᠭᠰᠠᠳ 9 ᠬᠤᠰᠢᠭᠤ ᠰᠢᠶᠠᠨ ᠲᠣᠭᠤᠷᠢᠭ ᠲᠤ ᠳᠠᠷᠢᠵᠤ ᠲᠡᠵᠢᠭᠡᠨ ᠦᠷᠡᠵᠢᠭᠦᠯᠬᠦ ᠵᠡᠷᠭᠡ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠶᠢᠯᠡᠴᠢᠯᠡᠭᠡᠨ ᠤ ᠠᠵᠢᠯ ᠢ ᠥᠷᠨᠢᠭᠦᠯᠵᠦ᠂ ᠲᠠᠷᠢᠶᠠᠯᠠᠩ ᠤᠨ | ᠬᠦᠷᠢᠶᠡᠯᠡᠩ ᠲᠣᠭᠤᠷᠢᠭ᠂ ᠰᠠᠭᠤᠷᠢᠨ ᠭᠠᠵᠠᠷ 290 ᠳᠤ ᠬᠦᠷᠴᠠᠢ᠃ ᠡᠨᠡ ᠵᠢᠯ ᠠᠴᠠ ᠨᠠᠰᠢ᠂ ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠵᠣᠬᠢᠶᠠᠨ ᠪᠠᠶᠢᠭᠤᠯᠤᠨ ᠣᠨᠴᠠᠯᠢᠭᠲᠤ ᠵᠢᠵᠢᠭ ᠬᠡᠯᠪᠡᠷᠢ ᠶᠢᠨ | ᠠᠬᠤᠢ ᠲᠠᠯᠠᠪᠠᠶ ᠶᠢᠨ ᠮᠡᠷᠭᠡᠵᠢᠯ ᠤᠨ ᠪᠣᠯᠪᠠᠰᠤᠷᠠᠯ ᠢ 1249 ᠬᠤᠭᠤᠴᠠᠭ᠎ᠠ ᠡᠷᠬᠢᠯᠡᠵᠦ᠂ 4.4 ᠲᠦᠮᠡ ᠭᠠᠷᠤᠶ | ᠲᠠᠷᠢᠶᠠᠴᠢᠨ ᠳᠤ ᠪᠤᠯᠪᠠᠰᠤᠷᠠᠯ ᠬᠦᠷᠲᠡᠭᠡᠵᠡᠶ᠃ 5.38 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ | ᠪᠡᠶᠡᠯᠡᠭᠦᠯᠵᠦ᠂ 6618 ᠬᠥᠮᠦᠨ ᠳᠤ ᠠᠵᠢᠯ ᠣᠯᠭᠤᠪᠠ᠃ | ᠣᠷᠣᠨ ᠨᠤᠲᠤᠭ ᠤᠨ ᠴᠢᠳᠠᠪᠤᠷᠢᠲᠠᠳ ᠪᠠᠶᠠᠵᠢᠨ ᠴᠢᠨᠡᠭᠡᠯᠢᠭᠵᠢᠬᠦ ᠶᠢ ᠬᠥᠲᠥᠯᠥᠨ ᠳᠠᠭᠠᠭᠤᠯᠵᠤ | ᠣᠷᠣᠯᠭ᠎ᠠ ᠶᠢ ᠨᠢ ᠨᠡᠮᠡᠭᠳᠡᠭᠦᠯᠪᠡ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠢᠶᠠᠷ ᠲᠠᠷᠢᠶᠠᠴᠢᠳ ᠢ ᠪᠣᠯᠪᠠᠰᠤᠷᠠᠭᠤᠯᠬᠤ | ᠠᠵᠢᠯ ᠢ ᠪᠦᠬᠦ ᠲᠠᠯ᠎ᠠ ᠪᠠᠷ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ᠃ ᠨᠤᠲᠤᠭ ᠤᠨ ᠴᠢᠳᠠᠪᠤᠷᠢᠲᠠᠨ ᠢ ᠵᠣᠷᠢᠭᠵᠢᠭᠤᠯᠤᠨ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠬᠥᠲᠥᠯᠥᠨ ᠳᠠᠭᠠᠭᠤᠯᠵᠤ᠂ ᠬᠥᠳᠡᠭᠡ ᠲᠣᠰᠬᠤᠨ ᠤ ᠬᠦᠭᠵᠢᠯᠲᠡ | ᠮᠠᠨᠳᠤᠯᠲᠠ ᠶᠢ ᠠᠬᠢᠭᠤᠯᠪᠠ᠃ ᠲᠣᠰᠬᠤᠨ ᠤ ᠲᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠬᠤᠷᠰᠢᠶ᠎ᠠ ᠶᠢᠨ | ᠲᠠᠷᠢᠶᠠᠯᠠᠩ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠢᠴᠢ ᠭᠤᠣᠯᠯᠠᠭᠴᠢ ᠠᠵᠢᠯᠳᠠᠨ᠂ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠭᠰᠠᠳ ᠵᠡᠷᠭᠡ ᠳᠤ ᠴᠢᠭᠯᠡᠭᠦᠯᠦᠨ ᠬᠢᠴᠢᠶᠡᠯ ᠤᠨ ᠲᠠᠩᠬᠢᠮ ᠡᠷᠬᠢᠯᠡᠵᠦ᠂ ᠰᠢᠨ᠎ᠡ | ᠬᠡᠯᠪᠡᠷᠢ ᠶᠢᠨ ᠠᠵᠢᠯ ᠮᠡᠷᠭᠡᠵᠢᠯ ᠢᠶᠠᠷ ᠲᠠᠷᠢᠶᠠᠴᠢᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ ᠬᠦᠮᠣᠵᠢᠭᠦᠯᠣᠨ᠋ | ᠳᠡᠭᠡᠭᠰᠢᠯᠡᠭᠦᠯᠵᠦ᠂ 2019 ᠣᠨ ᠠᠴᠠ ᠣᠲᠣ ᠪᠣᠯᠲᠠᠯ᠎ᠠ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠢ | ᠨᠡᠶᠢᠲᠡ 6292 ᠬᠥᠮᠦᠨ ᠬᠥᠮᠦᠵᠢᠭᠦᠯᠪᠡ᠃ | ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠬᠦᠭᠵᠢᠭᠡᠪᠡ᠃ | ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠡᠬᠢ ᠪᠠᠶᠠᠯᠢᠭ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠴᠦᠨ ᠢ ᠠᠰᠢᠭᠯᠠᠨ ᠬᠥᠳᠡᠭᠡ ᠲᠣᠰᠬᠤᠨ ᠤ ᠠᠵᠤ ᠣᠶᠢᠯᠡᠰ ᠤᠨ ᠬᠥᠭᠵᠢᠯᠲᠡ ᠶᠢ ᠲᠠᠶᠢᠴᠢᠯᠠᠵᠠᠢ᠃ ᠣᠷᠣᠨ ᠤ | ᠲᠥᠪ ᠤᠨ ᠳᠡᠭᠡᠳᠦ ᠰᠤᠷᠭᠠᠭᠤᠯᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ | ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢᠶᠠᠨ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠵᠣᠷᠢᠭᠵᠢᠭᠤᠯᠵᠤ᠂ | ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ᠂ ᠣᠷᠣᠨ | ᠨᠤᠲᠤᠭ ᠤᠨ ᠠᠵᠤ ᠠᠬᠤᠶ ᠶᠢᠨ ᠪᠦᠲᠦᠴᠡ ᠪᠣᠯᠤᠨ ᠠᠵᠤ ᠣᠶᠢᠯᠡᠰ ᠤᠨ ᠬᠥᠭᠵᠢᠯᠲᠡ ᠶᠢᠨ ᠬᠡᠷᠡᠭᠴᠡᠭᠡ ᠳᠤ | ᠴᠢᠭᠯᠡᠭᠦᠯᠥᠨ᠂ ᠰᠢᠨ᠎ᠡ ᠶᠢ ᠡᠭᠦᠳᠬᠦ ᠣᠶᠢᠯᠡᠰ ᠪᠣᠰᠬᠠᠬᠤ ᠰᠤᠷᠭᠠᠨ ᠬᠥᠮᠦᠵᠢᠯ ᠤᠨ ᠬᠢᠴᠢᠶᠡᠯ ᠨᠡᠭᠡᠭᠡᠵᠦ᠂ ᠰᠠᠭᠤᠷᠢ | ᠬᠡᠯᠪᠡᠷᠢ ᠶᠢᠨ ᠰᠢᠨ᠎ᠡ ᠶᠢ ᠡᠭᠦᠳᠴᠦ ᠠᠳᠠᠯ ᠣᠶᠢᠯᠡᠰ ᠴᠣᠭᠴᠠᠯᠠᠬᠤ ᠴᠢᠳᠠᠪᠤᠷᠢᠲᠠᠨ ᠨᠡᠶᠢᠲᠡ 1.5 ᠲᠦᠮᠡ ᠶᠢ | ᠳᠠᠪᠠᠪᠠ᠃ ᠪᠡᠭᠡᠵᠢᠩ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠶᠡᠭᠡ | ᠰᠤᠷᠭᠠᠭᠤᠯᠢ ᠶᠢᠨ ᠰᠣᠷᠣᠭᠴᠢᠳ ᠢ ᠬᠦᠬᠡᠬᠠᠳᠠ ᠳᠤ ᠲᠡᠳᠡᠨ ᠠᠪᠴᠢᠷᠠᠵᠤ ᠪᠣᠳᠠᠲᠤ ᠪᠣᠯᠪᠠᠰᠤᠷᠠᠯ ᠬᠢᠯᠭᠡᠵᠦ᠂ | ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠪᠠᠷ ᠳᠠᠮᠵᠢᠨ ᠤᠷᠲᠤ ᠬᠤᠭᠤᠴᠠᠭᠠᠨ ᠤ ᠪᠦᠳᠣᠮᠵᠢᠳᠠᠢ | ᠬᠠᠮᠲᠤᠷᠠᠯᠴᠠᠭᠠᠨ ᠤ ᠲᠣᠭᠲᠠᠴᠠ ᠶᠢ ᠪᠦᠷᠢᠯᠳᠦᠭᠦᠯᠵᠦ᠂ ᠰᠤᠷᠤᠭᠴᠢᠳ ᠢ ᠵᠣᠬᠢᠶᠠᠨ ᠪᠠᠶᠢᠭᠤᠯᠤᠨ ᠬᠥᠳᠡᠭᠡ | ᠲᠣᠰᠬᠤᠨ ᠳᠤ ᠭᠦᠨᠵᠡᠭᠡᠶᠢᠷᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ᠂ ᠰᠤᠷᠤᠭᠴᠢᠳ ᠤᠨ | ᠣᠨᠣᠯ ᠤᠨ ᠰᠤᠳᠤᠯᠭᠠᠨ ᠤ ᠳᠠᠪᠠᠭᠤᠯᠢᠭ ᠢ ᠪᠠᠳᠠᠷᠠᠭᠤᠯᠵᠠᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠳᠡᠭᠡᠳᠦ ᠲᠡᠰ ᠤᠨ ᠤᠶᠤᠨ ᠤ ᠬᠦᠮᠣᠷᠭᠡ ᠶᠢ ᠪᠠᠶᠢᠭᠤᠯᠵᠤ᠂ ᠬᠥᠳᠡᠭᠡ ᠲᠣᠰᠬᠤᠨ ᠤ | ᠵᠠᠰᠠᠯᠲᠠ ᠶᠢᠨ ᠰᠢᠰᠲ᠋ᠧᠮ ᠢ ᠬᠠᠮᠵᠢᠨ ᠪᠦᠷᠢᠨᠰᠢᠭᠦᠯᠵᠦ ᠪᠠᠶᠢᠨ᠎ᠠ ᠃ ︵ᠰᠤᠷᠪᠤᠯᠵᠢᠯᠠᠭᠴᠢ ᠵᠧᠩ ᠰᠢᠤᠸᠠᠢ ᠯᠢᠶᠠᠩ︶ | http://mongol.people.com.cn/15824063.html |