ᠬᠦᠬᠡᠬᠤᠳᠠ ᠶᠢᠨ ᠡᠳᠣᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠵᠣᠣ | ᠴᠢᠨ︶ 9 ᠰᠠᠷ᠎ᠠ ᠶᠢᠨ 12 ᠤᠨ ᠡᠳᠦᠷ᠂ ᠬᠦᠬᠡᠬᠤᠳᠠ ᠶᠢᠨ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ | ᠱᠤᠭᠤᠮ ᠤᠨ ᠠᠩᠬᠠᠳᠤᠭᠠᠷ ᠬᠤᠭᠤᠴᠠᠭᠠᠨ ᠤ ᠪᠠᠷᠢᠯᠭ᠎ᠠ ᠳᠠᠭᠤᠰᠴᠤ᠂ ᠰᠢᠯᠭᠠᠨ ᠠᠪᠬᠤ ᠳᠤ ᠬᠢᠷᠢ ᠲᠡᠩᠴᠡᠭᠡᠳ᠂ | ᠲᠡᠷᠭᠡ ᠨᠡᠪᠲᠡᠷᠡᠭᠦᠯᠦᠨ ᠲᠤᠷᠰᠢᠨ ᠡᠵᠡᠩᠨᠡᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | ᠲᠤᠰ ᠤᠳᠠᠭᠠᠨ ᠤ ᠰᠢᠯᠭᠠᠨ ᠠᠪᠬᠤ ᠬᠤᠷᠠᠯ ᠢ ᠬᠥᠬᠡᠬᠤᠲᠠ ᠶᠢᠨ ᠴᠠᠷᠭᠤᠳᠤ ᠵᠠᠮ ᠤᠨ ᠺᠣᠮᠫᠠᠨᠢ᠂ ᠭᠠᠵᠠᠷ | ᠳᠣᠤᠷᠠᠬᠢ ᠲᠡᠮᠦᠷ ᠵᠠᠮ ᠤᠨ ᠬᠤᠶᠠᠳᠤᠭᠠᠷ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠺᠣᠮᠫᠠᠨᠢ | ᠵᠣᠬᠢᠶᠠᠨ ᠪᠠᠶᠢᠭᠤᠯᠵᠤ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠡᠮᠳᠡᠭᠴᠦᠳ | ᠤᠨ ᠬᠤᠯᠪᠣᠭ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠨᠢᠰᠬᠡᠯ ᠤᠨ ᠪᠠᠭᠤᠳᠠᠯ ᠬᠢᠭᠡᠳ ᠲᠡᠮᠦᠷ ᠵᠠᠮ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠣᠶᠢᠯ ᠤᠨ ᠠᠯᠪᠠᠨ ᠭᠡᠷ ᠵᠡᠷᠭᠡ ᠬᠤᠷᠢ ᠭᠠᠷᠤᠶ ᠵᠥᠪᠯᠡᠯ ᠠᠯᠪᠠᠨ ᠭᠡᠷ | ᠲᠣᠪᠴᠢᠶ᠎ᠠ ᠤᠷᠢᠯᠭ᠎ᠠ ᠪᠠᠷ ᠣᠷᠣᠯᠴᠠᠵᠤ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠬᠢᠨᠠᠨ ᠬᠠᠮᠢᠶᠠᠷᠬᠤ᠂ | ᠡᠵᠡᠩᠨᠡᠬᠦ ᠂ ᠪᠠᠷᠢᠯᠭ᠎ᠠ ᠪᠠᠷᠢᠬᠤ᠂ ᠲᠥᠬᠦᠭᠡᠷᠦᠮᠵᠢ ᠶᠢ ᠲᠥᠪᠯᠡᠷᠡᠭᠦᠯᠦᠨ ᠲᠣᠬᠢᠷᠠᠭᠤᠯᠬᠤ᠂ ᠶᠡᠷᠦᠩᠬᠡᠶᠢᠯᠡᠨ | ᠬᠤᠯᠪᠣᠭᠠᠯᠠᠨ ᠲᠣᠬᠢᠷᠠᠭᠤᠯᠬᠤ᠂ ᠯᠠᠪᠯᠠᠭ᠎ᠠ ᠥᠭᠬᠦ᠂ ᠪᠠᠶᠢᠴᠠᠭᠠᠨ ᠰᠢᠯᠭᠠᠬᠤ᠂ ᠬᠢᠨᠠᠨ ᠬᠡᠮᠵᠢᠬᠦ᠂ ᠬᠡᠮᠵᠢᠬᠦ ᠵᠡᠷᠭᠡ | ᠨᠢᠭᠡᠴᠡ ᠣᠷᠣᠯᠴᠠᠪᠠ᠃ | ᠰᠢᠯᠭᠠᠨ ᠠᠪᠬᠤ ᠬᠤᠭᠤᠴᠠᠭᠠᠨ ᠳᠤ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨᠡᠯᠡ ᠨᠢᠭᠡᠴᠡ | ᠲᠤᠰᠬᠠᠶ ᠵᠣᠶᠢᠯ ᠢᠶᠠᠷ ᠰᠢᠯᠭᠠᠨ ᠠᠪᠤᠭᠰᠠᠨ᠂ ᠲᠤᠷᠰᠢᠨ ᠠᠵᠢᠯᠯᠠᠭᠤᠯᠤᠭᠰᠠᠨ ᠵᠡᠷᠭᠡ ᠠᠵᠢᠯ ᠥᠷᠨᠢᠭᠦᠯᠦᠭᠰᠡᠨ | ᠪᠠᠶᠢᠳᠠᠯ ᠢᠶᠠᠨ ᠬᠠᠷᠢᠭᠤ ᠮᠡᠳᠡᠭᠦᠯᠪᠡ᠃ ᠰᠢᠯᠭᠠᠨ ᠠᠪᠬᠤ ᠬᠥᠮᠦᠰ ᠢ ᠶᠡᠷᠦᠩᠬᠡᠶᠢᠯᠡᠭᠰᠡᠨ ᠰᠢᠯᠭᠠᠨ ᠠᠪᠬᠤ | ᠳᠤᠭᠤᠢᠯᠠᠩ᠂ ᠰᠢᠷᠣᠶ ᠶᠢᠨ ᠪᠦᠲᠦᠭᠡᠨ ᠪᠠᠶᠢᠭᠤᠯᠤᠯᠲᠠ ᠪᠠ ᠵᠠᠰᠠᠵᠤ ᠴᠢᠮᠡᠭᠯᠡᠬᠦ ᠶᠢ ᠰᠢᠯᠭᠠᠨ ᠠᠪᠬᠤ ᠳᠤᠭᠤᠶᠢᠯᠠᠩ᠂ | ᠮᠠᠰᠢᠨ ᠴᠠᠬᠢᠯᠭᠠᠨ ᠢ ᠰᠢᠯᠭᠠᠨ ᠠᠪᠬᠤ ᠳᠤᠭᠤᠶᠢᠯᠠᠩ᠂ ᠰᠢᠰᠲ᠋ᠧᠮ ᠤᠨ ᠰᠢᠯᠭᠠᠨ ᠠᠪᠬᠤ ᠳᠤᠭᠤᠶᠢᠯᠠᠩ ᠵᠡᠷᠭᠡ | ᠳᠥᠷᠪᠡᠨ ᠳᠤᠭᠤᠶᠢᠯᠠᠩ ᠬᠤᠪᠢᠶᠠᠵᠣ᠂ ᠰᠢᠷᠣᠶ ᠶᠢᠨ ᠪᠠᠷᠢᠯᠭ᠎ᠠ᠂ ᠮᠠᠰᠢᠨ ᠴᠠᠬᠢᠯᠭᠠᠨ ᠤ ᠲᠥᠬᠦᠭᠡᠷᠦᠮᠵᠢ | ᠤᠭᠰᠠᠷᠠᠭᠤᠯᠬᠤ ᠪᠠᠷᠢᠯᠭ᠎ᠠ᠂ ᠵᠠᠰᠠᠵᠤ ᠴᠢᠮᠡᠭᠯᠡᠬᠦ ᠪᠠᠷᠢᠯᠭ᠎ᠠ ᠵᠢᠴᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠡᠰ | ᠳᠠᠷᠠᠭᠠᠯᠠᠯ᠂ ᠱᠤᠭᠤᠮ ᠪᠣᠯᠤᠨ ᠵᠠᠭᠠᠭ ᠬᠢᠵᠠᠭᠠᠷ᠂ ᠲᠣᠭᠤᠷᠢᠯ ᠵᠠᠮ ᠤᠨ ᠪᠠᠷᠢᠯᠭ᠎ᠠ᠂ ᠲᠡᠷᠭᠡ ᠬᠥᠰᠬᠡ ᠶᠢᠨ ᠰᠠᠭᠤᠷᠢᠨ | ᠭᠠᠵᠠᠷ ᠤᠨ ᠪᠠᠷᠢᠯᠭ᠎ᠠ ᠶᠢᠨ ᠶᠠᠰᠤ ᠴᠢᠨᠠᠷ ᠪᠣᠯᠤᠨ ᠬᠠᠮᠢᠶ᠎ᠠ ᠪᠦᠬᠦᠢ ᠮᠠᠲ᠋ᠧᠷᠢᠶᠠᠯ ᠵᠡᠷᠭᠡ ᠶᠢ ᠲᠤᠰ ᠲᠤᠰ ᠰᠢᠯᠭᠠᠨ | ᠠᠪᠤᠪᠠ᠃ ᠪᠠᠶᠢᠴᠠᠭᠠᠯᠲᠠ ᠪᠠᠷ ᠳᠠᠮᠵᠢᠨ᠂ ᠰᠢᠯᠭᠠᠨ ᠠᠪᠬᠤ ᠺᠣᠮᠢᠰ ᠰᠠᠨᠠᠯ ᠨᠢᠭᠡᠲᠡᠢ ᠦᠵᠡᠭᠰᠡᠨ ᠨᠢ᠄ | ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠠᠩᠬᠠᠳᠤᠭᠠᠷ ᠬᠤᠭᠤᠴᠠᠭᠠᠨ ᠤ | ᠪᠠᠷᠢᠯᠭ᠎ᠠ ᠶᠢᠨ ᠪᠣᠳᠠᠲᠤ ᠴᠣᠭᠴᠠ ᠶᠢᠨ ᠶᠠᠰᠤ ᠴᠢᠨᠠᠷ ᠨᠢ ᠵᠢᠷᠤᠭ ᠲᠥᠯᠥᠪᠯᠡᠭᠡ ᠶᠢᠨ ᠵᠢᠷᠤᠮᠵᠢᠯ ᠵᠢᠴᠢ ᠪᠠᠷᠢᠯᠭ᠎ᠠ ᠶᠢᠨ | ᠶᠠᠰᠤ ᠴᠢᠨᠠᠷ ᠢ ᠰᠢᠯᠭᠠᠨ ᠠᠪᠬᠤ ᠪᠠᠷᠢᠮᠵᠢᠶ᠎ᠠ ᠳᠤ ᠨᠡᠶᠢᠴᠡᠵᠦ᠂ ᠪᠠᠷᠢᠯᠭ᠎ᠠ ᠳᠠᠭᠤᠰᠤᠭᠰᠠᠨ ᠮᠠᠲ᠋ᠧᠷᠢᠶᠠᠯ ᠨᠢ ᠪᠦᠷᠢᠨ | ᠭᠦᠢᠴᠡᠳ ᠬᠢᠷᠢ ᠲᠡᠩᠴᠡᠵᠦ᠂ ᠭᠡᠷ᠎ᠡ ᠶᠢᠨ ᠱᠠᠭᠠᠷᠳᠠᠯᠭ᠎ᠠ ᠶᠢ ᠭᠦᠢᠴᠡᠳᠭᠡᠭᠰᠡᠨ ᠲᠤᠯᠠ᠂ ᠲᠣᠰ ᠪᠠᠷᠢᠯᠭ᠎ᠠ ᠶᠢᠨ | ᠠᠵᠢᠯ ᠲᠡᠭᠦᠰᠴᠤ ᠰᠢᠯᠭᠠᠨ ᠠᠪᠬᠤ ᠳᠤ ᠬᠢᠷᠢ ᠲᠠᠩᠴᠡᠪᠡ ᠭᠡᠵᠡᠢ᠃ | ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠠᠩᠬᠠᠳᠤᠭᠠᠷ | ᠬᠤᠭᠤᠴᠠᠭᠠᠨ ᠤ ᠪᠠᠷᠢᠯᠭ᠎ᠠ ᠳᠠᠭᠤᠰᠴᠤ ᠰᠢᠯᠭᠠᠨ ᠠᠪᠬᠤ ᠠᠵᠢᠯ ᠤᠷᠤᠭᠰᠢᠲᠠᠶ ᠶᠠᠪᠤᠭᠳᠠᠪᠠ᠂᠂ ᠡᠨᠡ ᠨᠢ ᠭᠠᠵᠠᠷ | ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠪᠠᠷᠢᠯᠭ᠎ᠠ ᠲᠡᠷᠭᠡ ᠨᠡᠪᠲᠡᠷᠡᠬᠦ ᠳᠠᠰᠢ ᠪᠠᠰᠠ ᠨᠢᠭᠡ | ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ | ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠨᠢ ᠡᠵᠡᠩᠨᠡᠯᠲᠡ ᠠᠴᠠ ᠡᠮᠦᠨᠡᠬᠢ ᠡᠯ᠎ᠡ ᠵᠣᠶᠢᠯ | ᠤᠨ ᠪᠡᠯᠡᠳᠬᠡᠯ ᠠᠵᠢᠯ ᠢ ᠦᠷᠭᠦᠯᠵᠢᠯᠡᠨ ᠰᠠᠶᠢᠲᠤᠷ ᠬᠢᠵᠤ᠂ ᠲᠥᠷᠥᠯ ᠵᠦᠢᠯ ᠤᠨ ᠠᠩᠬᠠᠨ ᠤ ᠬᠤᠭᠤᠴᠠᠭᠠᠨ ᠤ | ᠡᠵᠡᠩᠨᠡᠯᠲᠡ ᠠᠴᠠ ᠡᠮᠦᠨᠡᠬᠢ ᠠᠮᠤᠷ ᠲᠦᠪᠰᠢᠨ ᠤ ᠦᠨᠡᠯᠡᠨ ᠵᠢᠱᠢᠯᠲᠡ ᠶᠢ ᠤᠷᠤᠭᠰᠢᠲᠠᠶ ᠪᠠᠲᠤᠯᠠᠵᠤ᠂ ᠭᠠᠵᠠᠷ | ᠳᠣᠣᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠴᠢᠨᠠᠷ ᠰᠠᠶᠢᠲᠠᠢ᠂ ᠳᠡᠭᠡᠳᠤ ᠬᠢᠷᠢ ᠲᠦᠪᠰᠢᠨ ᠲᠠᠢ | ᠨᠡᠪᠲᠡᠷᠡᠯᠳᠡ ᠶᠢ ᠪᠡᠶᠡᠯᠡᠭᠦᠯᠵᠦ᠂ ᠬᠥᠬᠡᠬᠤᠲᠠ ᠶᠢᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ | ᠬᠠᠷᠢᠭᠤᠯᠲᠠ ᠶᠢᠨ ᠬᠠᠭᠤᠳᠠᠰᠤ ᠲᠣᠰᠢᠶᠠᠬᠤ ᠪᠠᠷ ᠪᠡᠯᠡᠬᠡᠨ ᠪᠠᠶᠢᠨ᠎ᠠ ᠃ | | http://mongol.people.com.cn/15824062.html |