ᠨᠠᠰᠤᠳᠠᠶᠢᠴᠤᠳ ᠲᠤ ᠠᠮᠠᠨ ᠬᠥᠨᠳᠡᠶ ᠶᠢᠨ ᠰᠠᠯᠢᠰᠤᠲᠤ ᠪᠦᠷᠬᠦᠪᠴᠢ ᠶᠢᠨ ᠡᠪᠡᠳᠴᠢᠨ ᠣᠯᠠᠨ ᠡᠭᠦᠰᠳᠡᠭ
ᠨᠡᠶᠢᠲᠡᠯᠡᠭᠰᠡᠨ ᠴᠠᠭ᠄
2020/9/15
      ᠠᠮᠠᠨ ᠬᠥᠨᠳᠡᠢ ᠶᠢᠨ ᠰᠠᠯᠢᠰᠤᠲᠤ ᠪᠦᠷᠬᠦᠪᠴᠢ ᠶᠢᠨ ᠡᠪᠡᠳᠴᠢᠨ ᠭᠡᠳᠡᠭ ᠨᠢ ᠤᠷᠤᠭᠤᠯ᠂ ᠬᠠᠴᠠᠷ᠂ ᠬᠡᠯᠡ᠂ ᠪᠤᠶᠢᠯᠠ ᠵᠡᠷᠭᠡ ᠠᠮᠠᠨ ᠬᠥᠨᠳᠡᠢ ᠲᠤᠳᠤᠷᠠᠬᠢ ᠰᠢᠳᠦᠨ ᠠᠴᠠ ᠪᠤᠰᠤᠳ ᠵᠥᠭᠡᠯᠡᠨ ᠨᠡᠬᠡᠳᠡᠰᠦ ᠶᠢᠨ ᠥᠩᠭᠡᠨ ᠲᠠᠯ᠎ᠠ ᠳᠤ ᠡᠭᠦᠰᠦᠭᠰᠡᠨ ᠡᠪᠡᠳᠴᠢᠨ ᠢ ᠵᠢᠭᠠᠵᠤ ᠪᠠᠶᠢᠨ᠎ᠠ᠃ ᠨᠠᠰᠤᠲᠠᠶᠢᠴᠤᠳ ᠲᠤ ᠡᠨᠡᠬᠦ ᠡᠪᠡᠳᠴᠢᠨ ᠣᠯᠠᠨ ᠡᠭᠦᠰᠳᠡᠭ᠃ ᠰᠢᠯᠲᠠᠭᠠᠨ ᠢ ᠨᠢ ᠤᠬᠤᠴᠢᠯᠠᠪᠡᠯ᠂ ᠨᠢᠭᠡ ᠲᠠᠯ᠎ᠠ ᠪᠠᠷ ᠨᠠᠰᠤ ᠨᠡᠮᠡᠭᠳᠡᠬᠦ ᠶᠢ ᠲᠠᠭᠠᠯᠳᠤᠨ ᠪᠡᠶ᠎ᠡ ᠮᠠᠬᠠᠪᠣᠳ ᠤᠨ ᠬᠢᠨᠢ ᠡᠭᠡᠯᠢᠯᠡᠭᠡ ᠶᠢᠨ ᠴᠢᠳᠠᠪᠤᠷᠢ ᠪᠣᠯᠤᠨ ᠠᠮᠠᠨ ᠬᠥᠨᠳᠡᠢ ᠶᠢᠨ ᠰᠠᠯᠢᠰᠤᠲᠤ ᠪᠦᠷᠬᠦᠪᠴᠢ ᠶᠢᠨ ᠡᠳᠡᠭᠡᠷᠡᠬᠦ ᠴᠢᠳᠠᠪᠤᠷᠢ ᠨᠢ ᠪᠠᠭᠤᠷᠠᠬᠰᠠᠨ ᠠᠴᠠ ᠪᠤᠯᠵᠤ᠂ ᠨᠠᠰᠤᠲᠠᠶᠢᠴᠤᠳ ᠠᠮᠠᠨ ᠬᠥᠨᠳᠡᠢ ᠶᠢᠨ ᠰᠠᠯᠢᠰᠤᠲᠤ ᠪᠦᠷᠬᠦᠪᠴᠢ ᠶᠢᠨ ᠡᠪᠡᠳᠴᠢᠨ ᠠᠮᠠᠷᠬᠠᠨ ᠤᠯᠳᠠᠭ᠃ ᠨᠥᠭᠦᠭᠡ ᠲᠠᠯ᠎ᠠ ᠪᠠᠷ ᠨᠠᠰᠤᠲᠠᠶᠢᠴᠤᠳ ᠤᠨ ᠠᠮᠠᠨ ᠬᠥᠨᠳᠡᠶ ᠶᠢᠨ ᠣᠷᠴᠢᠨ ᠲᠣᠭᠤᠷᠢᠨ ᠪᠤᠳᠤᠯᠢᠶᠠᠨᠲᠠᠶ᠂ ᠣᠯᠠᠩᠬᠢ ᠨᠠᠰᠤᠲᠠᠶᠢᠴᠤᠳ ᠤᠨ ᠠᠮᠠᠨ ᠬᠥᠨᠳᠡᠢ ᠳᠤ ᠰᠢᠳᠦᠨ ᠤ ᠦᠯᠡᠳᠡᠭᠳᠡᠯ ᠤᠭ᠂ ᠡᠮᠳᠡᠷᠡᠭᠰᠡᠨ ᠰᠢᠳᠦ ᠲᠠᠢ ᠪᠠᠶᠢᠵᠤ᠂ ᠠᠮᠠᠨ ᠬᠥᠨᠳᠡᠢ ᠶᠢᠨ ᠡᠷᠡᠭᠦᠯ ᠬᠠᠮᠠᠭᠠᠯᠠᠯ ᠢᠶᠠᠷ ᠠᠨᠠᠢ ᠪᠠᠶᠢᠳᠠᠭ ᠤᠨ ᠲᠡᠭᠡᠷ᠎ᠡ ᠨᠢ ᠡᠮ ᠬᠡᠷᠡᠭᠯᠡᠬᠦ ᠪᠠᠷ ᠠᠷᠪᠢᠨ᠂ ᠬᠢᠮᠡᠯ ᠰᠢᠳᠦ ᠵᠡᠭᠦᠬᠦ ᠳᠡᠭᠡᠨ ᠠᠷᠢᠭᠤᠨ ᠴᠡᠪᠡᠷ ᠢ ᠡᠷᠬᠢᠮᠯᠡᠬᠦ ᠪᠠᠷ ᠪᠠᠷᠤᠬᠳᠠᠢ᠂ ᠤᠷᠲᠤ ᠬᠤᠭᠤᠴᠠᠭ᠎ᠠ ᠪᠠᠷ ᠲᠠᠮᠠᠬᠢ ᠲᠠᠲᠠᠵᠤ ᠠᠷᠢᠬᠢ ᠤᠤᠭᠤᠬᠤ ᠵᠡᠷᠭᠡ ᠠᠴᠠ ᠪᠤᠯᠵᠤ ᠠᠮᠠᠨ ᠬᠥᠨᠳᠡᠢ ᠶᠢᠨ ᠰᠠᠯᠢᠰᠤᠲᠤ ᠪᠦᠷᠬᠦᠪᠴᠢ ᠶᠢᠨ ᠡᠪᠡᠳᠴᠢᠨ ᠠᠮᠠᠷᠬᠠᠨ ᠡᠭᠦᠰᠳᠡᠭ᠃ ᠡᠶᠢᠮᠦ ᠠᠴᠠ ᠨᠠᠰᠤᠲᠠᠶᠢᠴᠤᠳ ᠤᠨ ᠠᠮᠠᠨ ᠬᠥᠨᠳᠡᠶ ᠶᠢᠨ ᠰᠠᠯᠢᠰᠤᠲᠤ ᠪᠦᠷᠬᠦᠪᠴᠢ ᠶᠢ ᠡᠷᠡᠭᠦᠯ ᠪᠠᠶᠢᠯᠭᠠᠬᠤ ᠶᠢᠨ ᠲᠤᠰᠠᠳᠠ ᠨᠡᠶᠢᠭᠡᠮ ᠨᠡᠶᠢᠳᠡ  ᠪᠠᠷ ᠢᠶᠠᠨ ᠨᠠᠩ ᠥᠷᠭᠡᠨ ᠢᠶᠠᠷ ᠠᠩᠬᠠᠷᠤᠯ ᠢᠶᠠᠨ ᠲᠠᠯᠪᠢᠬᠤ ᠬᠡᠷᠡᠭᠲᠡᠶ᠃      ᠡᠮᠴᠢ ᠤᠯᠠᠨ ᠳᠤ᠄ ᠬᠡᠷᠪᠡ ᠠᠮᠠᠨ ᠬᠥᠨᠳᠡᠢ ᠳᠣᠲᠣᠷᠠᠬᠢ ᠠᠯᠢ ᠨᠢᠭᠡ ᠭᠠᠵᠠᠷ ᠲᠤ ᠴᠢᠨᠢ ᠰᠢᠷᠬᠠᠯᠠᠭ᠎ᠠ ᠭᠠᠷᠤᠭᠠᠳ ᠬᠤᠶᠠᠷ ᠭᠠᠷᠠᠭ ᠪᠤᠯᠤᠬᠰᠠᠨ ᠪᠤᠯᠪᠠᠴᠤ ᠶᠡᠷᠦ ᠨᠢ ᠡᠳᠡᠭᠡᠷᠡᠬᠦ ᠦᠭᠡᠢ ᠳᠤ ᠬᠦᠷᠪᠡᠯ᠂ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠡᠷᠲᠡᠬᠡᠨ ᠡᠮᠨᠡᠭᠦᠯᠬᠦ ᠬᠡᠷᠡᠭᠲᠡᠶ᠃ ᠡᠭᠦᠨ ᠠᠴᠠ ᠭᠠᠳᠠᠨ᠎ᠠ᠂ ᠨᠠᠰᠤᠲᠠᠶᠢᠴᠤᠳ ᠤᠨ ᠠᠮᠠᠨ ᠬᠥᠨᠳᠡᠢ ᠶᠢᠨ ᠰᠠᠯᠢᠰᠤᠲᠤ ᠪᠦᠷᠬᠦᠪᠴᠢ ᠨᠢ ᠡᠪᠡᠳᠬᠦ᠂ ᠬᠠᠭᠤᠷᠠᠶᠢᠰᠢᠬᠤ᠂ ᠴᠥᠪᠥᠷᠢᠭᠦᠦ ᠭᠠᠷᠬᠤ᠂ ᠬᠠᠭᠠᠷᠠᠬᠤ ᠂ ᠥᠩᠭᠡ ᠨᠢ ᠬᠤᠪᠢᠷᠠᠬᠤ ᠵᠡᠷᠭᠡ ᠠᠰᠠᠭᠤᠳᠠᠯ ᠤᠳ ᠭᠠᠷᠤᠭᠰᠠᠭᠠᠷ ᠴᠠᠭ ᠲᠤᠬᠠᠢ ᠳᠤᠨᠢ ᠡᠮᠨᠡᠭᠦᠯᠵᠦ᠂ ᠣᠨᠣᠪᠴᠢᠲᠠᠢ ᠪᠥᠭᠡᠳ ᠪᠦᠲᠦᠮᠵᠢᠲᠡᠢ ᠣᠨᠣᠰᠢᠯᠠᠨ ᠲᠤᠳᠤᠯᠠᠭᠤᠯᠬᠤ ᠪᠠ ᠡᠮᠨᠠᠬᠦᠯᠦᠨ ᠵᠠᠰᠠᠭᠤᠯᠬᠤ ᠬᠡᠷᠡᠭᠳᠡᠢ ᠬᠡᠵᠦ ᠰᠠᠨᠠᠭᠤᠯᠵᠤ ᠪᠠᠶᠢᠨ᠎ᠠ᠃http://mongol.people.com.cn/15823749.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号