ᠡᠪᠡᠳᠬᠦ ᠢᠯᠡᠷᠡᠯ ᠰᠢᠨᠵᠢ ᠦᠭᠡᠢ ᠠᠮᠠᠨ ᠬᠥᠨᠳᠡᠶ ᠶᠢᠨ ᠰᠢᠷᠬᠠᠯᠠᠭ᠎ᠠ ᠶᠢ ᠨᠠᠩ ᠰᠡᠷᠡᠮᠵᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2020/9/15
      68 ᠨᠠᠰᠤᠲᠠᠶ ᠸᠠᠩ ᠨᠠᠰᠤᠳᠠᠨ ᠤ ᠬᠡᠯᠡᠨ ᠤ ᠤᠭ ᠤᠨ ᠵᠡᠬᠦᠨ ᠲᠠᠯ᠎ᠠ ᠳᠤᠨᠢ ᠮᠠᠨ ᠤ ᠠᠮᠢᠳᠤᠷᠠᠯ ᠳᠤ ᠦᠷᠭᠦᠯᠵᠢ ᠲᠣᠬᠢᠶᠠᠯᠳᠤᠳᠠᠭ ᠠᠮᠠᠨ ᠤ ᠬᠥᠨᠳᠡᠶ ᠶᠢᠨ ᠰᠢᠷᠬᠠᠯᠠᠭ᠎ᠠ ᠲᠠᠢ ᠠᠳᠠᠯᠢ ᠦᠭᠡᠢ ᠨᠢᠭᠡᠨ ᠰᠢᠷᠬᠠᠯᠠᠭ᠎ᠠ ᠭᠠᠷᠤᠬᠰᠠᠨ ᠪᠠᠶᠢᠯ᠎ᠠ᠃ ᠡᠮᠴᠢ ᠠᠴᠠ ᠸᠠᠩ ᠨᠠᠰᠤᠳᠠᠨ ᠳᠤ ᠠᠮᠢᠳᠤ ᠨᠡᠬᠡᠳᠡᠰᠦ ᠶᠢᠨ ᠰᠤᠳᠤᠯᠤᠯ ᠤᠨ ᠪᠠᠶᠢᠴᠠᠭᠠᠯᠳᠠ ᠬᠢᠭᠰᠡᠨ ᠳᠤ᠂ ᠲᠡᠭᠦᠨ ᠤ ᠬᠡᠯᠡᠨ ᠤ ᠤᠭ ᠤᠨ ᠵᠡᠭᠦᠨ ᠲᠠᠯ᠎ᠠ ᠳᠤᠨᠢ ᠭᠠᠷᠤᠬᠰᠠᠨ ᠰᠢᠷᠬᠠᠯᠠᠭ᠎ᠠ ᠨᠢ ᠨᠢᠭᠡᠨᠲᠡ ︽ᠠᠮᠠᠨ ᠬᠥᠨᠳᠡᠶ ᠶᠢᠨ ᠬᠠᠶᠢᠷᠰᠤᠯᠢᠭ ᠡᠰ ᠤᠨ ᠥᠮᠡᠨ︾ ᠪᠣᠯᠵᠤ ᠬᠤᠪᠢᠷᠠᠬᠰᠠᠨ ᠬᠡᠳᠡᠭ ᠡᠪᠡᠳᠴᠢᠨ ᠤ ᠵᠦᠢ ᠶᠢᠨ ᠦᠷ᠎ᠡ ᠳ᠋ᠦᠩ ᠢ ᠤᠯᠵᠡᠢ᠂ ᠥᠭᠡᠷ᠎ᠡ ᠪᠠᠷ ᠬᠡᠯᠡᠪᠡᠯ ᠠᠮᠠᠨ ᠬᠥᠨᠳᠡᠶ ᠶᠢᠨ ᠥᠮᠡᠨ ᠪᠤᠯᠤᠨ᠎ᠠ᠃ ᠲᠠᠬᠢᠬᠤ ᠴᠢᠨᠠᠷᠲᠠᠢ ᠠᠮᠠᠨ ᠤ ᠬᠥᠨᠳᠡᠢ ᠶᠢᠨ ᠰᠢᠷᠬᠠᠯᠠᠭ᠎ᠠ ᠪᠤᠯ ︽ᠰᠢᠷ᠎ᠠ᠂ ᠤᠯᠠᠭᠠᠨ᠂ ᠬᠤᠲᠣᠭᠤᠷ᠂ ᠡᠪᠡᠷᠰᠢᠶᠡᠯ︾ ᠲᠠᠢ ᠪᠠᠶᠢᠳᠠᠭ ᠨᠡᠶᠢᠲᠡᠯᠢᠭ ᠢᠯᠡᠷᠡᠯ ᠰᠢᠨᠵᠢ ᠲᠠᠢ ᠶᠤᠮ᠃ ᠲᠤᠬᠠᠶᠢᠯᠠᠪᠠᠯ ᠰᠢᠷᠬᠠᠯᠠᠭ᠎ᠠ ᠶᠢᠨ ᠭᠠᠳᠠᠷᠭᠤ ᠳᠡᠭᠡᠷ᠎ᠡ ᠰᠢᠷ᠎ᠠ ᠥᠩᠭᠡ ᠲᠠᠢ ᠪᠦᠷᠬᠦᠪᠴᠢ ᠲᠠᠢ᠂ ᠡᠷᠭᠢᠨ ᠲᠣᠭᠤᠷᠢᠨ ᠳᠤᠨᠢ ᠤᠯᠠᠭᠠᠨ ᠥᠩᠭᠡ ᠶᠢᠨ ᠴᠠᠭᠠᠷᠢᠭ ᠲᠠᠢ᠂ ᠭᠤᠤᠯ ᠨᠢ ᠬᠤᠲᠦ᠋ᠢᠭ᠌ᠰᠠᠨ ᠪᠠ ᠡᠪᠡᠳᠬᠦ ᠨᠢ ᠢᠯᠡᠷᠬᠡᠢ ᠪᠠᠶᠢᠵᠤ᠂ ᠶᠡᠷᠦᠳᠡᠭᠡᠨ ᠠᠷᠪᠠ ᠠᠴᠠ ᠠᠷᠪᠠᠨ ᠳᠥᠷᠪᠡᠨ ᠡᠳᠦᠷ ᠲᠤ ᠥᠪᠡᠰᠦᠪᠡᠨ ᠡᠳᠡᠭᠡᠷᠡᠳᠡᠭ᠃ ᠭᠡᠲᠡᠯ᠎ᠡ ᠸᠠᠩ ᠨᠠᠰᠤᠳᠠᠨ ᠤ ᠠᠮᠠᠨ ᠬᠥᠨᠳᠡᠢ ᠶᠢᠨ ᠰᠢᠷᠬᠠᠯᠠᠭ᠎ᠠ ᠨᠢ ᠬᠡᠯᠡᠨ ᠤ ᠤᠭ ᠤᠨ ᠵᠡᠬᠦᠨ ᠲᠠᠯ᠎ᠠ ᠳᠠᠬᠢ ᠰᠢᠳᠦᠨ ᠤ ᠤᠭ ᠢᠯᠵᠢᠷᠡᠬᠰᠡᠨ ᠠᠴᠠ ᠪᠤᠯᠵᠤ ᠤᠳᠠᠭᠠᠨ ᠬᠤᠭᠤᠴᠠᠭ᠎ᠠ ᠪᠠᠷ ᠰᠡᠳᠦᠯᠲᠡ ᠦᠭᠭᠦᠭᠰᠡᠨ ᠠᠴᠠ ᠪᠣᠯᠤᠭᠰᠠᠨ ᠶᠤᠮ᠃ ᠡᠶᠢᠮᠦ ᠰᠢᠷᠬᠠᠯᠠᠭ᠎ᠠ ᠨᠢ ᠡᠬᠢᠨ ᠤ ᠦᠶ᠎ᠡ ᠳᠤ ᠣᠯᠠᠩᠬᠢ ᠳᠠᠭᠠᠨ ᠭᠠᠳᠠᠷ ᠬᠡᠯᠪᠡᠷᠢ ᠨᠢ ᠡᠮᠬᠢ ᠵᠠᠮᠪᠠᠷᠠᠭ᠎ᠠ ᠦᠭᠡᠢ᠂ ᠡᠷᠭᠢᠨ ᠲᠣᠭᠤᠷᠢᠨ ᠨᠢ ᠴᠠᠶᠢᠵᠤ᠂ ᠡᠪᠡᠳᠬᠦ ᠨᠢ ᠢᠯᠡᠷᠬᠡᠶ ᠦᠭᠡᠢ ᠪᠠᠶᠢᠳᠠᠭ᠃ ᠢᠯᠵᠢᠷᠡᠭᠰᠡᠨ ᠰᠢᠳᠦᠨ ᠤ ᠤᠭ ᠢ ᠴᠠᠭ ᠲᠤᠬᠠᠶ ᠳᠤᠨᠢ ᠠᠪᠴᠤ ᠬᠠᠶᠠᠭᠰᠠᠨ ᠥᠬᠡᠶ᠂ ᠬᠡᠯᠡᠨ ᠤ ᠤᠭ ᠲᠤ ᠪᠠᠶᠢᠨ ᠳᠠᠬᠢᠨ ᠰᠡᠳᠡᠯᠲᠡ ᠥᠭᠭᠦᠭᠰᠡᠨ ᠠᠴᠠ ᠪᠤᠯᠵᠤ ᠰᠢᠷᠬᠠᠯᠠᠭ᠎ᠠ ᠨᠢ ᠥᠮᠡᠨ ᠪᠤᠯᠵᠤ ᠬᠤᠪᠢᠷᠠᠳᠠᠭ᠃ ᠰᠢᠷᠬᠠᠯᠠᠭ᠎ᠠ ᠨᠢ ᠭᠦᠨ ᠪᠣᠯᠵᠤ ᠶᠡᠬᠡᠳᠡᠬᠦ ᠲᠤᠰᠤᠮ ᠢᠶᠠᠨ ᠥᠪᠡᠷ ᠢᠶᠠᠷ ᠡᠳᠡᠭᠡᠷᠡᠬᠦ ᠶᠢᠨ ᠠᠷᠭ᠎ᠠ ᠦᠭᠡᠢ ᠪᠣᠯᠳᠠᠭ ᠶᠤᠮ᠃      ᠸᠠᠩ ᠨᠠᠰᠤᠳᠠᠨ ᠲᠠᠢ ᠠᠳᠠᠯᠢᠪᠳᠤᠷ ᠡᠪᠡᠳᠴᠢᠨ ᠲᠠᠢ ᠬᠦᠮᠦᠰ ᠠᠮᠠᠨ ᠬᠥᠨᠳᠡᠶ ᠶᠢᠨ ᠰᠠᠯᠢᠰᠤᠲᠤ ᠪᠦᠷᠬᠦᠪᠴᠢ ᠶᠢᠨ ᠰᠠᠯᠠᠭᠠᠨ ᠤ ᠡᠬᠦᠳᠡᠨ ᠡᠮᠨᠡᠯᠭᠡ ᠳᠤ ᠵᠥᠩᠳᠡᠭᠡᠨ ᠡᠪᠡᠳᠴᠢᠨ ᠢᠶᠠᠨ ᠦᠵᠡᠬᠦᠯᠵᠦ ᠪᠤᠢ᠂ ᠲᠡᠳᠡᠨ ᠤ ᠣᠯᠠᠩᠬᠢ ᠨᠢ ᠠᠮᠠᠨ ᠬᠥᠨᠳᠡᠢ ᠶᠢᠨ ᠰᠠᠯᠢᠰᠤᠲᠤ ᠪᠦᠷᠬᠦᠪᠴᠢ ᠶᠢᠨ ᠡᠪᠡᠳᠴᠢᠨ ᠤ ᠲᠤᠬᠠᠢ ᠲᠠᠨᠢᠯᠲᠠ ᠪᠠᠷ ᠲᠤᠳᠠᠮᠠᠭ ᠪᠤᠶᠤ ᠡᠪᠡᠳᠴᠢᠨ ᠢᠶᠠᠨ ᠬᠦᠨᠳᠦᠳᠭᠡᠨ ᠦᠵᠡᠬᠦ ᠪᠠᠷ ᠬᠦᠷᠦᠯᠴᠡᠭᠦ ᠦᠭᠡᠢ ᠠᠴᠠ ᠪᠤᠯᠵᠤ ᠡᠪᠡᠳᠴᠢᠨ ᠢᠶᠠᠨ ᠡᠮᠨᠡᠬᠦᠯᠦᠨ ᠵᠠᠰᠠᠭᠤᠯᠬᠤ ᠬᠠᠮᠤᠭ ᠰᠠᠶᠢᠨ ᠴᠠᠭ ᠲᠣᠬᠢᠶᠠᠯ ᠢ ᠠᠯᠲᠠᠵᠦ ᠶᠠᠪᠤᠭᠤᠯᠵᠠᠢ᠃http://mongol.people.com.cn/15823749.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号