ᠨᠢᠭᠡ᠂ ᠨᠡᠶᠢᠲᠡᠯᠡᠭᠰᠡᠨ ᠠᠬᠤᠢ ᠪᠠᠶᠢᠳᠠᠯ | 2019 ᠣᠨ ᠤ 9 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠤᠴᠢᠷ | ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠ | ᠵᠢᠷᠤᠮᠵᠢᠭᠤᠯᠬᠤ ᠲᠤᠬᠠᠢ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2019﹈ 18 ᠳ᠋ᠤᠭᠠᠷ ᠲᠣᠭᠠᠲᠤ᠂ | ᠳᠣᠷᠣᠭᠰᠢ ︽ᠵᠢᠯᠣᠭᠤᠳᠬᠤ ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ᠂ ᠤᠴᠢᠷ ᠶᠠᠪᠤᠳᠠᠯ ᠤᠨ ᠳᠤᠮᠳᠠᠬᠢ ᠤᠴᠢᠷ | ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠪᠠ | ᠵᠢᠷᠤᠮᠵᠢᠭᠤᠯᠬᠤ ᠳᠤ ᠬᠠᠮᠢᠶ᠎ᠠ ᠪᠦᠬᠦᠢ ᠵᠢᠯᠣᠭᠤᠳᠬᠤ ᠰᠠᠨᠠᠯ ᠳᠤᠷᠠᠳᠴᠠᠢ᠃ 2019 ᠣᠨ ᠤ 10 ᠳ᠋ᠤᠭᠠᠷ | ᠰᠠᠷ᠎ᠠ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠡ | ᠬᠤᠷᠠᠯ ᠠᠴᠠ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠲᠦᠯᠬᠢᠨ ᠠᠬᠢᠭᠤᠯᠬᠤ ᠶᠡᠷᠦᠩᠬᠡᠢ ᠬᠠᠷᠠᠯᠲᠠ᠂ ᠴᠢᠬᠤᠯᠠ ᠶᠡᠭᠡ ᠡᠭᠦᠷᠭᠡ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ | ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠣᠯ ᠵᠠᠰᠠᠭ ᠤᠨ | ᠣᠷᠳᠣᠨ ᠤ ᠴᠢᠬᠤᠯᠠ ᠡᠭᠦᠷᠭᠡ ᠲᠤᠰᠢᠶᠠᠯ ᠤᠨ ᠨᠢᠭᠡ ᠮᠥᠨ᠂ ᠮᠥᠨᠴᠦ ᠵᠠᠰᠠᠭ ᠤᠨ ᠣᠷᠳᠣᠨ ᠤ ᠵᠠᠰᠠᠯᠲᠠ ᠶᠢᠨ | ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠳᠠᠭᠠᠯᠳᠤᠨ᠂ ᠵᠠᠬ᠎ᠠ ᠳᠡᠯᠭᠡᠭᠦᠷ ᠲᠤ ᠣᠷᠣᠬᠤ ᠶᠢ | ᠵᠥᠪᠰᠢᠶᠡᠷᠡᠬᠦ ᠤᠯᠠᠮ ᠠᠴᠠ ᠤᠯᠠᠮ ᠳᠥᠭᠦᠮ ᠳᠥᠲᠡ ᠪᠣᠯᠵᠤ᠂ ᠬᠡᠷᠪᠡ ᠬᠢᠨᠠᠯᠲᠠ ᠬᠠᠮᠢᠶᠠᠷᠤᠯᠲᠠ ᠨᠢ ᠳᠠᠭᠠᠵᠤ | ᠳᠡᠶᠢᠯᠬᠦ ᠦᠭᠡᠢ ᠪᠣᠯᠪᠠᠯ ᠠᠮᠠᠷᠬᠠᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠵᠤ᠂ ᠤᠯᠤᠰ ᠤᠨ | ᠵᠠᠰᠠᠯᠲᠠ ᠶᠢᠨ ᠰᠢᠰᠲ᠋ᠧᠮᠵᠢ ᠳᠤ ᠬᠠᠲᠠᠭᠤ ᠴᠢᠩᠭ᠎ᠠ ᠰᠢᠯᠭᠠᠯᠲᠠ ᠠᠪᠴᠢᠷᠠᠬᠤ ᠪᠣᠯᠣᠨ᠎ᠠ᠃ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠭᠤᠣᠯᠳᠠᠯᠭ᠎ᠠ ᠨᠢ ︽ᠪᠠᠭᠤᠯᠭᠠᠬᠤ︾᠂ ᠵᠠᠩᠭᠢᠯᠠᠭ᠎ᠠ ᠨᠢ ︽ | ᠬᠠᠮᠢᠶᠠᠷᠬᠤ︾ ᠳᠤ ᠪᠣᠢ᠃ ᠤᠴᠢᠷ ᠶᠠᠪᠤᠳᠠᠯ ᠤᠨ ᠡᠮᠦᠨ᠎ᠡ ᠬᠢᠨᠠᠨ ᠵᠥᠪᠰᠢᠶᠡᠷᠡᠬᠦ ᠪᠠ ᠤᠴᠢᠷ ᠶᠠᠪᠤᠳᠠᠯ ᠤᠨ ᠬᠤᠶᠢᠨ᠎ᠠ | ᠬᠢᠨᠠᠨ ᠬᠠᠮᠢᠶᠠᠷᠬᠤ ᠨᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠦᠷᠢᠨ ᠭᠦᠢᠴᠡᠳ ᠬᠡᠯᠬᠢᠶ᠎ᠡ ᠶᠢ | ᠪᠦᠷᠢᠯᠳᠦᠭᠦᠯᠦᠨ᠎ᠡ᠃ ᠤᠴᠢᠷ ᠶᠠᠪᠤᠳᠠᠯ ᠤᠨ ᠡᠮᠦᠨᠡᠬᠢ ᠬᠢᠨᠠᠨ ᠵᠥᠪᠰᠢᠶᠡᠷᠡᠯ ᠤᠨ ᠵᠥᠪᠰᠢᠶᠡᠷᠡᠬᠦ ᠨᠥᠬᠦᠴᠡᠯ ᠢ ᠤᠴᠢᠷ | ᠶᠠᠪᠤᠳᠠᠯ ᠤᠨ ᠳᠤᠮᠳᠠᠬᠢ ᠬᠢᠨᠠᠯᠲᠠ ᠬᠠᠮᠢᠶᠠᠷᠤᠯᠲᠠ ᠪᠠᠷ ᠳᠠᠮᠵᠢᠨ ᠴᠠᠭ ᠳᠠᠷᠤᠢ ᠳᠤᠨᠢ ᠵᠠᠰᠠᠵᠤ᠂ ᠤᠴᠢᠷ ᠶᠠᠪᠤᠳᠠᠯ ᠤᠨ | ᠡᠮᠦᠨᠡᠬᠢ ᠬᠢᠨᠠᠨ ᠵᠥᠪᠰᠢᠶᠡᠷᠡᠯ᠂ ᠤᠴᠢᠷ ᠶᠠᠪᠤᠳᠠᠯ ᠤᠨ ᠳᠤᠮᠳᠠᠬᠢ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ | ᠨᠢ ᠤᠴᠢᠷ ᠶᠠᠪᠤᠳᠠᠯ ᠤᠨ ᠬᠤᠶᠢᠨᠠᠬᠢ ᠵᠠᠯᠬᠠᠭᠠᠯ ᠰᠢᠢᠳᠭᠡᠯ ᠳᠤ ᠲᠦᠰᠢᠭᠯᠡᠨ ᠪᠠᠲᠤᠯᠠᠭᠳᠠᠨ᠎ᠠ᠃ ᠶᠡᠷᠦᠩᠬᠡᠶ ᠱᠦᠵᠢ | ᠰᠢ ᠶᠢᠨ ᠫᠢᠩ ᠵᠢᠭᠠᠵᠤ ᠭᠠᠷᠭᠠᠭᠰᠠᠨ ᠨᠢ᠂ ︽ᠵᠠᠬ᠎ᠠ ᠳᠡᠯᠭᠡᠭᠦᠷ ᠪᠠ ᠨᠡᠶᠢᠭᠡᠮ ᠳᠤ ᠪᠠᠭᠤᠯᠭᠠᠬᠤ ᠶᠣᠰᠣᠲᠠᠶ ᠡᠷᠬᠡ ᠶᠢ | ᠵᠠᠪᠠᠯ ᠣᠷᠣᠨ ᠪᠠᠶᠢᠷᠢ ᠳᠤᠨᠢ ᠪᠠᠭᠤᠯᠭᠠᠵᠤ᠂ ᠵᠠᠰᠠᠭ ᠤᠨ ᠣᠷᠳᠣᠨ ᠬᠠᠮᠢᠶᠠᠷᠬᠤ ᠶᠣᠰᠣᠲᠠᠶ ᠶᠠᠪᠤᠳᠠᠯ ᠢ ᠵᠠᠪᠠᠯ | ᠰᠠᠶᠢᠲᠤᠷ ᠬᠠᠮᠢᠶᠠᠷᠴᠤ᠂ ᠪᠣᠳᠠᠲᠠᠢ ᠬᠠᠮᠢᠶᠠᠷᠬᠤ ᠬᠡᠷᠡᠭᠲᠡᠶ︾ ᠭᠡᠵᠡᠢ᠃ ᠶᠡᠷᠦᠩᠬᠡᠢ ᠰᠠᠶᠢᠳ ᠯᠢ ᠺᠧ ᠴᠢᠶᠠᠩ | ᠵᠢᠭᠠᠬᠤ ᠳᠠᠭᠠᠨ᠄ ︽ᠲᠥᠪ ᠭᠤᠣᠯᠴᠢ ᠬᠢᠨᠠᠯᠲᠠ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠪᠣᠯ ᠨᠢᠭᠡᠨ ᠲᠡᠮᠦᠷᠯᠢᠭ ᠵᠣᠭᠤᠰ ᠤᠨ ᠬᠤᠶᠠᠷ ᠲᠠᠯ᠎ᠠ ᠪᠣᠯᠤᠨ᠎ᠠ᠄ ᠲᠥᠪ ᠭᠤᠣᠯᠴᠢ ᠬᠢᠨᠠᠯᠲᠠ | ᠬᠠᠮᠢᠶᠠᠷᠤᠯᠲᠠ ᠪᠠᠶᠢᠬᠤ ᠦᠭᠡᠢ ᠪᠣᠯ ᠡᠷᠬᠡ ᠲᠡᠭᠰᠢ ᠥᠷᠢᠰᠦᠯᠳᠦᠭᠡᠨ ᠦᠭᠡᠢ ᠶᠤᠮ᠂ ᠡᠷᠬᠡ ᠲᠡᠭᠰᠢ ᠥᠷᠢᠰᠥᠯᠳᠦᠭᠡᠨ | ᠪᠠᠶᠢᠬᠤ ᠦᠭᠡᠢ ᠪᠣᠯ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠᠶᠢᠵᠤ ᠴᠢᠳᠠᠬᠤ ᠦᠭᠡᠢ︾ ᠭᠡᠵᠡᠢ᠃ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ ᠵᠢᠭᠠᠪᠤᠷᠢ ᠶᠢᠨ ᠱᠠᠭᠠᠷᠳᠠᠯᠭ᠎ᠠ ᠨᠢ | ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ | ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ ᠦᠵᠡᠭᠦᠯᠬᠦ ᠴᠢᠬᠤᠯᠠ ᠦᠢᠯᠡᠳᠦᠯ ᠢ | ᠳᠣᠪᠤᠶᠢᠯᠭᠠᠭᠰᠠᠨ ᠪᠠᠶᠢᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ︽ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ | ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠨᠠᠩ ᠣᠯᠠᠨ ᠵᠠᠰᠠᠭ ᠵᠠᠬᠢᠷᠭᠠᠨ ᠤ ᠡᠬᠢ ᠪᠠᠶᠠᠯᠢᠭ ᠢ ᠤᠴᠢᠷ | ᠶᠠᠪᠤᠳᠠᠯ ᠤᠨ ᠡᠮᠦᠨ᠎ᠡ ᠨᠢ ᠬᠢᠨᠠᠨ ᠵᠦᠪᠰᠢᠶᠡᠷᠡᠬᠦ ᠠᠴᠠ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ | ᠬᠤᠶᠢᠨᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠡᠭᠡᠷ᠎ᠡ ᠰᠢᠯᠵᠢᠭᠦᠯᠬᠦ ᠶᠢᠨ ᠲᠥᠯᠥᠭᠡ᠂ ᠮᠠᠨ ᠤ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠣᠳᠠᠲᠠᠢ ᠪᠠᠶᠢᠳᠠᠯ ᠲᠠᠢ | ᠤᠶᠠᠯᠳᠤᠭᠤᠯᠤᠨ᠂ ︽ᠬᠥᠬᠡᠬᠤᠲᠠ ᠶᠢᠨ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠪᠠ ᠵᠢᠷᠤᠮᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ︾ ︵ᠳᠣᠷᠣᠭᠰᠢ ︽ | ᠠᠵᠢᠯ ᠤᠨ ᠬᠤᠪᠢᠶᠠᠷᠢᠯᠠᠯ ᠤᠨ ᠲᠥᠰᠥᠯ︾ ᠭᠡᠵᠦ ᠳᠥᠭᠦᠮᠴᠢᠯᠡᠨ᠎ᠡ︶ ᠢ ᠲᠣᠭᠲᠠᠭᠠᠵᠤ᠂ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠢᠨᠠᠨ ᠬᠠᠮᠢᠶᠠᠷᠬᠤ ᠪᠠᠷᠢᠮᠵᠢᠶ᠎ᠠ ᠶᠢ | ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠢᠨᠠᠨ ᠬᠠᠮᠢᠶᠠᠷᠬᠤ ᠨᠡᠶᠢᠯᠡᠯ | ᠬᠦᠴᠦᠨ ᠢ ᠨᠢᠭᠲᠠᠷᠠᠭᠤᠯᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠡᠷᠬᠡ ᠲᠡᠭᠰᠢ ᠲᠥᠪ ᠭᠤᠤᠯᠴᠢ᠂ ᠢᠯᠡ ᠲᠣᠳᠣ | ᠂ ᠳᠥᠭᠦᠮ ᠳᠥᠲᠡ ᠥᠨᠳᠥᠷ ᠪᠦᠲᠦᠮᠵᠢᠲᠡᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠬᠤᠶᠢᠨᠠᠬᠢ | ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠥᠭᠡᠷᠡᠴᠢᠯᠡᠯᠲᠡ ᠶᠢᠨ ᠡᠮᠬᠢ ᠵᠢᠷᠤᠮ ᠲᠠᠢ ᠶᠠᠪᠤᠭᠳᠠᠨ | ᠨᠠᠶᠢᠳᠠᠪᠤᠷᠢᠵᠢᠬᠤ ᠶᠢ ᠪᠠᠲᠤᠯᠠᠨ᠎ᠠ᠃ | ᠬᠤᠶᠠᠷ᠂ ᠭᠤᠣᠯ ᠠᠭᠤᠯᠭ᠎ᠠ | ᠠᠵᠢᠯ ᠤᠨ ᠬᠤᠪᠢᠶᠠᠷᠢᠯᠠᠯ ᠤᠨ ᠲᠥᠰᠥᠯ ᠢ ᠭᠤᠷᠪᠠᠨ ᠬᠡᠰᠡᠭ ᠬᠤᠪᠢᠶᠠᠵᠤ᠂ ᠡᠭᠦᠷᠭᠡ ᠶᠢ 32 ᠵᠦᠢᠯ ᠳᠤ | ᠬᠤᠪᠢᠶᠠᠵᠠᠢ᠃ | ᠨᠢᠭᠡᠳᠦᠭᠡᠷ ᠬᠡᠰᠡᠭ᠄ ᠬᠠᠷᠠᠯᠲᠠ ᠱᠠᠭᠠᠷᠳᠠᠯᠭ᠎ᠠ᠃ ᠡᠷᠬᠡ ᠲᠡᠭᠰᠢ ᠲᠥᠪ ᠭᠤᠣᠯᠴᠢ᠂ ᠢᠯᠡ ᠲᠣᠳᠣ᠂ | ᠳᠥᠭᠦᠮ ᠳᠥᠲᠡ ᠥᠨᠳᠥᠷ ᠪᠦᠲᠦᠮᠵᠢᠲᠡᠢ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠬᠤᠶᠢᠨᠠᠬᠢ | ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠤᠢ ᠪᠣᠯᠭᠠᠨ᠂ ᠵᠠᠬ᠎ᠠ ᠳᠡᠯᠭᠡᠭᠦᠷ ᠤᠨ ᠥᠪᠡᠷ ᠤᠨ ᠵᠢᠷᠤᠮᠯᠠᠯ ᠲᠠᠢ᠂ | ᠵᠠᠰᠠᠭ ᠤᠨ ᠣᠷᠳᠣᠨ ᠠᠴᠠ ᠬᠠᠮᠢᠶᠠᠷᠤᠭᠰᠠᠨ᠂ ᠨᠡᠶᠢᠭᠡᠮ ᠠᠴᠠ ᠬᠢᠨᠠᠯᠲᠠ ᠲᠠᠯᠪᠢᠵᠤ ᠦᠢᠯᠡᠳᠦᠯᠴᠡᠬᠦ ᠪᠠᠷ | ᠲᠤᠯᠭᠠᠭᠤᠷᠢᠯᠠᠯ ᠪᠣᠯᠭᠠᠭᠰᠠᠨ ᠬᠠᠮᠲᠤᠷᠠᠨ ᠬᠢᠨᠠᠨ ᠬᠠᠮᠢᠶᠠᠷᠬᠤ ᠪᠠᠶᠢᠷᠢᠰᠢᠯ ᠢ ᠪᠦᠷᠢᠯᠳᠦᠭᠦᠯᠵᠦ᠂ ᠡᠷᠬᠡ ᠲᠡᠭᠰᠢ | ᠥᠷᠢᠰᠦᠯᠳᠦᠭᠡᠨ ᠲᠠᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠂ ᠲᠥᠪ ᠬᠤᠲᠠ ᠶᠢᠨ ᠰᠠᠶᠢᠨ ᠰᠠᠶᠢᠬᠠᠨ | ᠬᠠᠤᠯᠢᠵᠢᠭᠰᠠᠨ ᠡᠵᠡᠩᠨᠡᠯᠲᠡ ᠶᠢᠨ ᠣᠷᠴᠢᠨ ᠲᠣᠭᠤᠷᠢᠨ ᠢ ᠲᠦᠷᠭᠡᠳᠬᠡᠨ ᠪᠤᠢ ᠪᠣᠯᠭᠠᠵᠤ᠂ ᠮᠠᠨ ᠤ ᠬᠤᠲᠠ ᠶᠢᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠬᠤᠶᠠᠳᠤᠭᠠᠷ ᠬᠡᠰᠡᠭ᠄ ᠡᠭᠦᠷᠭᠡ ᠶᠢᠨ ᠬᠤᠪᠢᠶᠠᠷᠢᠯᠠᠯ᠃ ᠪᠣᠳᠠᠲᠠᠢ 32 ᠵᠦᠢᠯ᠂ ᠭᠤᠣᠯᠳᠠᠭᠤ ᠤᠴᠢᠷ | ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠳᠠᠬᠢ ᠡᠭᠦᠷᠭᠡ ᠬᠠᠷᠢᠭᠤᠴᠠᠯᠭ᠎ᠠ᠂ | ᠬᠢᠨᠠᠬᠤ ᠬᠠᠮᠢᠶᠠᠷᠬᠤ ᠶᠢ ᠰᠠᠯᠭᠠᠬᠤ ᠳᠤ ᠣᠯᠠᠨ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠲᠠᠢ ᠬᠤᠯᠪᠤᠭᠳᠠᠬᠤ | ᠂ ᠰᠠᠯᠠᠭ᠎ᠠ ᠮᠥᠴᠢᠷ ᠬᠠᠮᠵᠢᠯᠴᠠᠨ ᠪᠠᠶᠢᠴᠠᠭᠠᠨ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠰᠠᠭᠤᠳᠠᠯ ᠳᠤ ᠲᠣᠭᠲᠠᠭᠠᠯ | ᠭᠠᠷᠭᠠᠵᠤ᠂ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ᠬᠤᠭᠤᠰᠤᠨ ᠵᠠᠢ ᠦᠯᠡᠳᠡᠭᠡᠬᠦ ᠦᠭᠡᠢ᠃ | ᠭᠤᠷᠪᠠᠳᠤᠭᠠᠷ ᠬᠡᠰᠡᠭ᠄ ᠠᠵᠢᠯ ᠤᠨ ᠱᠠᠭᠠᠷᠳᠠᠯᠭ᠎ᠠ᠃ ᠪᠣᠳᠠᠲᠠᠢ 5 ᠱᠠᠭᠠᠷᠳᠠᠯᠭ᠎ᠠ ᠲᠠᠢ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ | ᠱᠠᠭᠠᠷᠳᠠᠯᠭ᠎ᠠ ᠶᠢ ᠠᠳᠬᠤᠬᠤ ᠬᠡᠷᠡᠭᠲᠡᠢ︔ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠠᠵᠢᠯ ᠤᠨ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠬᠢᠨᠠᠯᠲᠠ ᠬᠠᠮᠢᠶᠠᠷᠤᠯᠲᠠ ᠳᠠᠭᠠᠨ ᠰᠢᠨ᠎ᠡ ᠶᠢ ᠡᠭᠦᠳᠴᠦ᠂ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ︔ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ | ᠨᠢᠭᠲᠠ ᠬᠠᠮᠵᠢᠯᠴᠠᠬᠤ ᠬᠡᠷᠡᠭᠲᠡᠢ︔ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠶᠠᠷᠢᠶ᠎ᠠ | ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃ | ᠭᠤᠷᠪᠠ᠂ ᠭᠤᠣᠯ ᠣᠨᠴᠠᠯᠢᠭ | ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠠᠢ᠃ ︽ᠵᠥᠪᠬᠡᠨ ᠵᠥᠪᠰᠢᠶᠡᠷᠡᠭᠡᠳ ᠬᠠᠮᠢᠶᠠᠷᠬᠤ ᠦᠭᠡᠢ︾ ︽ᠴᠢᠩᠭ᠎ᠠ ᠬᠢᠨᠠᠨ ᠵᠥᠪᠰᠢᠶᠡᠷᠡᠵᠦ ᠰᠤᠯᠠ | ᠬᠠᠮᠢᠶᠠᠷᠬᠤ︾ ᠵᠡᠷᠭᠡ ᠠᠰᠠᠭᠤᠳᠠᠯ ᠢ ᠵᠠᠯᠠᠷᠠᠭᠤᠯᠵᠤ᠂ ᠨᠡᠩ ᠣᠯᠠᠨ ᠵᠠᠰᠠᠭ ᠵᠠᠬᠢᠷᠭᠠᠨ ᠤ ᠡᠬᠢ ᠪᠠᠶᠠᠯᠢᠭ ᠢ ᠤᠴᠢᠷ | ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠳᠡᠭᠡᠷ᠎ᠡ ᠰᠢᠯᠵᠢᠭᠦᠯᠦᠨ᠂ ᠲᠥᠪ | ᠬᠤᠲᠠ ᠶᠢᠨ ᠰᠠᠶᠢᠨ ᠰᠠᠶᠢᠬᠠᠨ ᠬᠠᠤᠯᠢᠵᠢᠭᠰᠠᠨ ᠡᠵᠡᠩᠨᠡᠯᠲᠡ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠪᠦᠬᠦ | ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠯᠲᠠ ᠶᠢ ᠳᠤᠷᠠᠳᠴᠠᠢ᠃ | ᠬᠤᠶᠠᠷ ᠲᠤ᠂ ᠮᠠᠨ ᠤ ᠬᠤᠲᠠ ᠶᠢᠨ ᠬᠢᠨᠠᠬᠤ ᠬᠠᠮᠢᠶᠠᠷᠬᠤ ᠶᠢ ᠰᠠᠯᠭᠠᠬᠤ ᠤᠴᠢᠷ ᠶᠠᠪᠤᠳᠠᠯ ᠤᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠠᠢ᠃ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ | ᠵᠠᠷᠴᠢᠮ ᠢ ᠪᠠᠷᠢᠮᠲᠠᠯᠠᠨ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢᠨ ᠤᠴᠢᠷ ᠶᠠᠪᠤᠳᠠᠯ ᠢ ᠲᠣᠳᠣᠷᠬᠠᠶᠢᠯᠠᠵᠠᠢ᠃ | ᠭᠤᠷᠪᠠ ᠳᠤ᠂ ︽ᠳᠦᠷᠢᠮ ᠲᠣᠭᠲᠠᠭᠠᠯ᠂ ᠠᠷᠭ᠎ᠠ ᠬᠡᠮᠵᠢᠶ᠎ᠡ︾ ᠪᠠᠷ ᠬᠢᠨᠠᠨ ᠬᠠᠮᠢᠶᠠᠷᠬᠤ ᠠᠭᠤᠯᠭ᠎ᠠ ᠶᠢ | ᠲᠣᠳᠣᠷᠬᠠᠢ ᠪᠣᠯᠭᠠᠵᠠᠢ᠃ ᠪᠠᠷᠢᠮᠵᠢᠶ᠎ᠠ ᠬᠠᠩᠭᠠᠯᠭ᠎ᠠ ᠶᠢ ᠴᠢᠩᠭᠠᠳᠬᠠᠬᠤ᠂ ᠬᠢᠨᠠᠨ ᠬᠠᠮᠢᠶᠠᠷᠬᠤ ᠳᠦᠷᠢᠮ ᠢ | ᠲᠣᠳᠣᠷᠬᠠᠶᠢᠯᠠᠬᠤ᠂ ᠬᠠᠤᠯᠢ ᠬᠡᠷᠡᠭᠵᠢᠭᠦᠯᠬᠦ ᠳᠦᠷᠢᠮ ᠢ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠶᠢ ᠳᠤᠷᠠᠳᠴᠠᠢ᠃ | ᠳᠥᠷᠪᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠬᠢᠨᠠᠨ ᠬᠠᠮᠢᠶᠠᠷᠬᠤ ᠵᠠᠭᠪᠤᠷ ᠢ ᠳᠤᠷᠠᠳᠴᠠᠢ᠃ | ᠭᠤᠣᠯᠳᠠᠯᠭ᠎ᠠ ᠲᠠᠢ ᠬᠢᠨᠠᠨ ᠬᠠᠮᠢᠶᠠᠷᠬᠤ ᠤᠴᠢᠷ ᠶᠠᠪᠤᠳᠠᠯ ᠤᠨ ᠨᠠᠷᠢᠨ ᠬᠠᠭᠤᠳᠠᠰᠤ ᠶᠢᠨ ᠳᠦᠷᠢᠮ ᠢ ᠪᠠᠶᠢᠭᠤᠯᠤᠨ᠂ | ᠢᠳᠡᠭᠡᠨ ᠤ ᠵᠦᠢᠯ᠂ ᠡᠮ ᠤᠨ ᠵᠦᠢᠯ᠂ ᠡᠮᠴᠢᠯᠡᠭᠡ ᠶᠢᠨ ᠪᠠᠭᠠᠵᠢ ᠬᠡᠷᠡᠭᠰᠡᠯ᠂ ᠣᠨᠴᠠ ᠲᠥᠷᠥᠯ ᠤᠨ ᠪᠡᠯᠡᠳᠬᠡᠮᠵᠢ ᠶᠢᠨ | ᠭᠤᠣᠯᠳᠠᠯᠭ᠎ᠠ ᠲᠠᠢ ᠪᠦᠲᠦᠭᠡᠭᠳᠡᠬᠦᠨ ᠳᠤ ᠬᠠᠨᠳᠤᠭᠤᠯᠵᠤ᠂ ᠪᠦᠲᠦᠭᠡᠭᠳᠡᠬᠦᠨ ᠤ ᠺᠣᠳ᠋ ᠤᠨ ᠬᠠᠮᠢᠶᠠᠷᠤᠯᠲᠠ ᠪᠠᠷ | ᠭᠠᠷᠳᠠᠴᠠ ᠪᠣᠯᠭᠠᠭᠰᠠᠨ ᠮᠥᠷᠳᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠳᠠᠬᠢ ᠪᠦᠬᠦ ᠬᠡᠯᠬᠢᠶ᠎ᠡ ᠶᠢᠨ ᠴᠢᠩᠭ᠎ᠠ ᠬᠢᠨᠠᠨ ᠬᠠᠮᠢᠶᠠᠷᠤᠯᠲᠠ ᠶᠢ ᠪᠡᠶᠡᠯᠡᠭᠦᠯᠵᠡᠢ᠃ | ᠲᠠᠪᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ | ᠡᠭᠦᠳᠪᠡ᠃ ᠰᠠᠯᠠᠭ᠎ᠠ ᠮᠥᠴᠢᠷ ᠤᠨ ᠬᠠᠮᠲᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠶᠢ ᠬᠢᠨᠠᠨ ᠬᠠᠮᠢᠶᠠᠷᠬᠤ᠂ | ᠢᠲᠡᠭᠡᠮᠵᠢ ᠶᠢ ᠬᠢᠨᠠᠨ ᠬᠠᠮᠢᠶᠠᠷᠬᠤ᠂ ᠬᠤᠯᠪᠣᠭᠠᠯᠠᠨ ᠬᠢᠨᠠᠨ ᠬᠠᠮᠢᠶᠠᠷᠬᠤ᠂ ᠠᠬᠤᠢ ᠲᠠᠯᠠᠪᠠᠢ ᠶᠢᠨ ᠭᠠᠳᠠᠨ᠎ᠠ ᠠᠴᠠ | ᠬᠢᠨᠠᠨ ᠬᠠᠮᠢᠶᠠᠷᠬᠤ ᠪᠠ ᠤᠴᠢᠷ ᠶᠠᠪᠤᠳᠠᠯ ᠳᠤᠮᠳᠠ ᠬᠢᠨᠠᠨ ᠬᠠᠮᠢᠶᠠᠷᠬᠤ ᠮᠠᠶ᠋ᠢᠭ ᠢᠶᠠᠷ ᠬᠠᠮᠳᠤᠷᠠᠭᠰᠠᠨ ᠬᠢᠨᠠᠨ | ᠬᠠᠮᠢᠶᠠᠷᠤᠯᠲᠠ ᠶᠢᠨ ᠴᠠᠭᠲᠤ ᠴᠢᠨᠠᠷ᠂ ᠵᠢᠷᠤᠮᠵᠢᠯ ᠤᠨ ᠴᠢᠨᠠᠷ᠂ ᠤᠨᠤᠪᠴᠢᠳᠤ ᠴᠢᠨᠠᠷ ᠢ ᠳᠡᠭᠡᠭᠰᠢᠯᠡᠭᠦᠯᠪᠡ᠃ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ |