︽ᠬᠥᠬᠡᠬᠤᠲᠠ ᠶᠢᠨ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠ ᠵᠢᠷᠤᠮᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/9/15
     ᠨᠢᠭᠡ᠂ ᠨᠡᠶᠢᠲᠡᠯᠡᠭᠰᠡᠨ ᠠᠬᠤᠢ ᠪᠠᠶᠢᠳᠠᠯ      2019 ᠣᠨ ᠤ 9 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠ ᠵᠢᠷᠤᠮᠵᠢᠭᠤᠯᠬᠤ ᠲᠤᠬᠠᠢ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇2019﹈ 18 ᠳ᠋ᠤᠭᠠᠷ ᠲᠣᠭᠠᠲᠤ᠂  ᠳᠣᠷᠣᠭᠰᠢ ︽ᠵᠢᠯᠣᠭᠤᠳᠬᠤ ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ᠂ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠪᠠ ᠵᠢᠷᠤᠮᠵᠢᠭᠤᠯᠬᠤ ᠳᠤ ᠬᠠᠮᠢᠶ᠎ᠠ ᠪᠦᠬᠦᠢ ᠵᠢᠯᠣᠭᠤᠳᠬᠤ ᠰᠠᠨᠠᠯ ᠳᠤᠷᠠᠳᠴᠠᠢ᠃ 2019 ᠣᠨ ᠤ 10 ᠳ᠋ᠤᠭᠠᠷ ᠰᠠᠷ᠎ᠠ ᠳᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠦᠭᠦᠳᠡ ᠬᠤᠷᠠᠯ ᠠᠴᠠ ᠤᠯᠤᠰ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠡᠷᠦᠩᠬᠡᠢ ᠬᠠᠷᠠᠯᠲᠠ᠂ ᠴᠢᠬᠤᠯᠠ ᠶᠡᠭᠡ ᠡᠭᠦᠷᠭᠡ ᠳᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠪᠣᠯ ᠵᠠᠰᠠᠭ ᠤᠨ ᠣᠷᠳᠣᠨ ᠤ ᠴᠢᠬᠤᠯᠠ ᠡᠭᠦᠷᠭᠡ ᠲᠤᠰᠢᠶᠠᠯ ᠤᠨ ᠨᠢᠭᠡ ᠮᠥᠨ᠂ ᠮᠥᠨᠴᠦ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠮᠥᠨ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠳᠠᠭᠠᠯᠳᠤᠨ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠤᠯᠠᠮ ᠠᠴᠠ ᠤᠯᠠᠮ ᠳᠥᠭᠦᠮ ᠳᠥᠲᠡ ᠪᠣᠯᠵᠤ᠂ ᠬᠡᠷᠪᠡ ᠬᠢᠨᠠᠯᠲᠠ ᠬᠠᠮᠢᠶᠠᠷᠤᠯᠲᠠ ᠨᠢ ᠳᠠᠭᠠᠵᠤ ᠳᠡᠶᠢᠯᠬᠦ ᠦᠭᠡᠢ ᠪᠣᠯᠪᠠᠯ ᠠᠮᠠᠷᠬᠠᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠮᠠᠭᠤᠷᠠᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮᠵᠢ ᠳᠤ ᠬᠠᠲᠠᠭᠤ ᠴᠢᠩᠭ᠎ᠠ ᠰᠢᠯᠭᠠᠯᠲᠠ ᠠᠪᠴᠢᠷᠠᠬᠤ ᠪᠣᠯᠣᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠭᠤᠣᠯᠳᠠᠯᠭ᠎ᠠ ᠨᠢ ︽ᠪᠠᠭᠤᠯᠭᠠᠬᠤ︾᠂ ᠵᠠᠩᠭᠢᠯᠠᠭ᠎ᠠ ᠨᠢ ︽ᠬᠠᠮᠢᠶᠠᠷᠬᠤ︾ ᠳᠤ ᠪᠣᠢ᠃ ᠤᠴᠢᠷ ᠶᠠᠪᠤᠳᠠᠯ ᠤᠨ ᠡᠮᠦᠨ᠎ᠡ ᠬᠢᠨᠠᠨ ᠵᠥᠪᠰᠢᠶᠡᠷᠡᠬᠦ ᠪᠠ ᠤᠴᠢᠷ ᠶᠠᠪᠤᠳᠠᠯ ᠤᠨ ᠬᠤᠶᠢᠨ᠎ᠠ ᠬᠢᠨᠠᠨ ᠬᠠᠮᠢᠶᠠᠷᠬᠤ ᠨᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢᠨ ᠪᠦᠷᠢᠨ ᠭᠦᠢᠴᠡᠳ ᠬᠡᠯᠬᠢᠶ᠎ᠡ ᠶᠢ ᠪᠦᠷᠢᠯᠳᠦᠭᠦᠯᠦᠨ᠎ᠡ᠃ ᠤᠴᠢᠷ ᠶᠠᠪᠤᠳᠠᠯ ᠤᠨ ᠡᠮᠦᠨᠡᠬᠢ ᠬᠢᠨᠠᠨ ᠵᠥᠪᠰᠢᠶᠡᠷᠡᠯ ᠤᠨ ᠵᠥᠪᠰᠢᠶᠡᠷᠡᠬᠦ ᠨᠥᠬᠦᠴᠡᠯ  ᠢ ᠤᠴᠢᠷ ᠶᠠᠪᠤᠳᠠᠯ ᠤᠨ ᠳᠤᠮᠳᠠᠬᠢ ᠬᠢᠨᠠᠯᠲᠠ ᠬᠠᠮᠢᠶᠠᠷᠤᠯᠲᠠ ᠪᠠᠷ ᠳᠠᠮᠵᠢᠨ ᠴᠠᠭ ᠳᠠᠷᠤᠢ ᠳᠤᠨᠢ ᠵᠠᠰᠠᠵᠤ᠂ ᠤᠴᠢᠷ ᠶᠠᠪᠤᠳᠠᠯ ᠤᠨ ᠡᠮᠦᠨᠡᠬᠢ ᠬᠢᠨᠠᠨ ᠵᠥᠪᠰᠢᠶᠡᠷᠡᠯ ᠂ ᠤᠴᠢᠷ ᠶᠠᠪᠤᠳᠠᠯ ᠤᠨ ᠳᠤᠮᠳᠠᠬᠢ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠨᠢ ᠤᠴᠢᠷ ᠶᠠᠪᠤᠳᠠᠯ ᠤᠨ ᠬᠤᠶᠢᠨᠠᠬᠢ ᠵᠠᠯᠬᠠᠭᠠᠯ ᠰᠢᠢᠳᠭᠡᠯ ᠳᠤ ᠲᠦᠰᠢᠭᠯᠡᠨ ᠪᠠᠲᠤᠯᠠᠭᠳᠠᠨ᠎ᠠ᠃ ᠶᠡᠷᠦᠩᠬᠡᠶ ᠱᠦᠵᠢ ᠰᠢ ᠶᠢᠨ ᠫᠢᠩ ᠵᠢᠭᠠᠵᠤ ᠭᠠᠷᠭᠠᠭᠰᠠᠨ ᠨᠢ᠂ ︽ᠵᠠᠬ᠎ᠠ ᠳᠡᠯᠭᠡᠭᠦᠷ ᠪᠠ ᠨᠡᠶᠢᠭᠡᠮ ᠳᠤ ᠪᠠᠭᠤᠯᠭᠠᠬᠤ ᠶᠣᠰᠣᠲᠠᠶ ᠡᠷᠬᠡ ᠶᠢ ᠵᠠᠪᠠᠯ ᠣᠷᠣᠨ ᠪᠠᠶᠢᠷᠢ ᠳᠤᠨᠢ ᠪᠠᠭᠤᠯᠭᠠᠵᠤ᠂ ᠵᠠᠰᠠᠭ ᠤᠨ ᠣᠷᠳᠣᠨ ᠬᠠᠮᠢᠶᠠᠷᠬᠤ ᠶᠣᠰᠣᠲᠠᠶ ᠶᠠᠪᠤᠳᠠᠯ ᠢ ᠵᠠᠪᠠᠯ ᠰᠠᠶᠢᠲᠤᠷ ᠬᠠᠮᠢᠶᠠᠷᠴᠤ᠂ ᠪᠣᠳᠠᠲᠠᠢ ᠬᠠᠮᠢᠶᠠᠷᠬᠤ ᠬᠡᠷᠡᠭᠲᠡᠶ︾ ᠭᠡᠵᠡᠢ᠃ ᠶᠡᠷᠦᠩᠬᠡᠢ ᠰᠠᠶᠢᠳ ᠯᠢ ᠺᠧ ᠴᠢᠶᠠᠩ ᠵᠢᠭᠠᠬᠤ ᠳᠠᠭᠠᠨ᠄ ︽ᠲᠥᠪ ᠭᠤᠣᠯᠴᠢ ᠬᠢᠨᠠᠯᠲᠠ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯ ᠨᠢᠭᠡᠨ  ᠲᠡᠮᠦᠷᠯᠢᠭ ᠵᠣᠭᠤᠰ ᠤᠨ ᠬᠤᠶᠠᠷ ᠲᠠᠯ᠎ᠠ ᠪᠣᠯᠤᠨ᠎ᠠ᠄ ᠲᠥᠪ ᠭᠤᠣᠯᠴᠢ ᠬᠢᠨᠠᠯᠲᠠ ᠬᠠᠮᠢᠶᠠᠷᠤᠯᠲᠠ ᠪᠠᠶᠢᠬᠤ ᠦᠭᠡᠢ ᠪᠣᠯ ᠡᠷᠬᠡ ᠲᠡᠭᠰᠢ ᠥᠷᠢᠰᠦᠯᠳᠦᠭᠡᠨ ᠦᠭᠡᠢ ᠶᠤᠮ᠂ ᠡᠷᠬᠡ ᠲᠡᠭᠰᠢ ᠥᠷᠢᠰᠥᠯᠳᠦᠭᠡᠨ ᠪᠠᠶᠢᠬᠤ ᠦᠭᠡᠢ ᠪᠣᠯ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠᠶᠢᠵᠤ ᠴᠢᠳᠠᠬᠤ ᠦᠭᠡᠢ︾ ᠭᠡᠵᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ ᠵᠢᠭᠠᠪᠤᠷᠢ ᠶᠢᠨ ᠱᠠᠭᠠᠷᠳᠠᠯᠭ᠎ᠠ ᠨᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠳᠤ ᠦᠵᠡᠭᠦᠯᠬᠦ ᠴᠢᠬᠤᠯᠠ ᠦᠢᠯᠡᠳᠦᠯ ᠢ ᠳᠣᠪᠤᠶᠢᠯᠭᠠᠭᠰᠠᠨ ᠪᠠᠶᠢᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ︽ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠨᠠᠩ ᠣᠯᠠᠨ ᠵᠠᠰᠠᠭ ᠵᠠᠬᠢᠷᠭᠠᠨ ᠤ ᠡᠬᠢ ᠪᠠᠶᠠᠯᠢᠭ ᠢ ᠤᠴᠢᠷ ᠶᠠᠪᠤᠳᠠᠯ ᠤᠨ  ᠡᠮᠦᠨ᠎ᠡ ᠨᠢ ᠬᠢᠨᠠᠨ ᠵᠦᠪᠰᠢᠶᠡᠷᠡᠬᠦ ᠠᠴᠠ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠳᠡᠭᠡᠷ᠎ᠡ ᠰᠢᠯᠵᠢᠭᠦᠯᠬᠦ ᠶᠢᠨ ᠲᠥᠯᠥᠭᠡ᠂ ᠮᠠᠨ ᠤ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ᠂ ︽ᠬᠥᠬᠡᠬᠤᠲᠠ ᠶᠢᠨ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠠ ᠵᠢᠷᠤᠮᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ︾ ︵ᠳᠣᠷᠣᠭᠰᠢ ︽ᠠᠵᠢᠯ ᠤᠨ ᠬᠤᠪᠢᠶᠠᠷᠢᠯᠠᠯ ᠤᠨ ᠲᠥᠰᠥᠯ ︾ ᠭᠡᠵᠦ ᠳᠥᠭᠦᠮᠴᠢᠯᠡᠨ᠎ᠡ︶ ᠢ ᠲᠣᠭᠲᠠᠭᠠᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠢᠨᠠᠨ ᠬᠠᠮᠢᠶᠠᠷᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠬᠢᠨᠠᠨ ᠬᠠᠮᠢᠶᠠᠷᠬᠤ ᠨᠡᠶᠢᠯᠡᠯ ᠬᠦᠴᠦᠨ ᠢ ᠨᠢᠭᠲᠠᠷᠠᠭᠤᠯᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠡᠷᠬᠡ ᠲᠡᠭᠰᠢ ᠲᠥᠪ ᠭᠤᠤᠯᠴᠢ᠂ ᠢᠯᠡ ᠲᠣᠳᠣ᠂ ᠳᠥᠭᠦᠮ ᠳᠥᠲᠡ ᠥᠨᠳᠥᠷ ᠪᠦᠲᠦᠮᠵᠢᠲᠡᠢ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠥᠭᠡᠷᠡᠴᠢᠯᠡᠯᠲᠡ ᠶᠢᠨ ᠡᠮᠬᠢ ᠵᠢᠷᠤᠮ ᠲᠠᠢ ᠶᠠᠪᠤᠭᠳᠠᠨ ᠨᠠᠶᠢᠳᠠᠪᠤᠷᠢᠵᠢᠬᠤ ᠶᠢ ᠪᠠᠲᠤᠯᠠᠨ᠎ᠠ᠃      ᠬᠤᠶᠠᠷ᠂ ᠭᠤᠣᠯ ᠠᠭᠤᠯᠭ᠎ᠠ      ᠠᠵᠢᠯ ᠤᠨ ᠬᠤᠪᠢᠶᠠᠷᠢᠯᠠᠯ ᠤᠨ ᠲᠥᠰᠥᠯ ᠢ ᠭᠤᠷᠪᠠᠨ ᠬᠡᠰᠡᠭ ᠬᠤᠪᠢᠶᠠᠵᠤ᠂ ᠡᠭᠦᠷᠭᠡ ᠶᠢ 32 ᠵᠦᠢᠯ ᠳᠤ ᠬᠤᠪᠢᠶᠠᠵᠠᠢ᠃      ᠨᠢᠭᠡᠳᠦᠭᠡᠷ ᠬᠡᠰᠡᠭ᠄ ᠬᠠᠷᠠᠯᠲᠠ ᠱᠠᠭᠠᠷᠳᠠᠯᠭ᠎ᠠ᠃ ᠡᠷᠬᠡ ᠲᠡᠭᠰᠢ ᠲᠥᠪ ᠭᠤᠣᠯᠴᠢ᠂ ᠢᠯᠡ ᠲᠣᠳᠣ᠂ ᠳᠥᠭᠦᠮ ᠳᠥᠲᠡ ᠥᠨᠳᠥᠷ ᠪᠦᠲᠦᠮᠵᠢᠲᠡᠢ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠤᠢ ᠪᠣᠯᠭᠠᠨ᠂ ᠵᠠᠬ᠎ᠠ ᠳᠡᠯᠭᠡᠭᠦᠷ ᠤᠨ ᠥᠪᠡᠷ ᠤᠨ ᠵᠢᠷᠤᠮᠯᠠᠯ ᠲᠠᠢ᠂ ᠵᠠᠰᠠᠭ ᠤᠨ ᠣᠷᠳᠣᠨ ᠠᠴᠠ ᠬᠠᠮᠢᠶᠠᠷᠤᠭᠰᠠᠨ᠂ ᠨᠡᠶᠢᠭᠡᠮ ᠠᠴᠠ ᠬᠢᠨᠠᠯᠲᠠ ᠲᠠᠯᠪᠢᠵᠤ ᠦᠢᠯᠡᠳᠦᠯᠴᠡᠬᠦ ᠪᠠᠷ ᠲᠤᠯᠭᠠᠭᠤᠷᠢᠯᠠᠯ ᠪᠣᠯᠭᠠᠭᠰᠠᠨ ᠬᠠᠮᠲᠤᠷᠠᠨ ᠬᠢᠨᠠᠨ ᠬᠠᠮᠢᠶᠠᠷᠬᠤ ᠪᠠᠶᠢᠷᠢᠰᠢᠯ ᠢ ᠪᠦᠷᠢᠯᠳᠦᠭᠦᠯᠵᠦ᠂ ᠡᠷᠬᠡ ᠲᠡᠭᠰᠢ ᠥᠷᠢᠰᠦᠯᠳᠦᠭᠡᠨ ᠲᠠᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠨ᠂ ᠲᠥᠪ ᠬᠤᠲᠠ ᠶᠢᠨ ᠰᠠᠶᠢᠨ ᠰᠠᠶᠢᠬᠠᠨ ᠬᠠᠤᠯᠢᠵᠢᠭᠰᠠᠨ ᠡᠵᠡᠩᠨᠡᠯᠲᠡ ᠶᠢᠨ ᠣᠷᠴᠢᠨ ᠲᠣᠭᠤᠷᠢᠨ ᠢ ᠲᠦᠷᠭᠡᠳᠬᠡᠨ ᠪᠤᠢ ᠪᠣᠯᠭᠠᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃     ᠬᠤᠶᠠᠳᠤᠭᠠᠷ ᠬᠡᠰᠡᠭ᠄ ᠡᠭᠦᠷᠭᠡ ᠶᠢᠨ ᠬᠤᠪᠢᠶᠠᠷᠢᠯᠠᠯ᠃ ᠪᠣᠳᠠᠲᠠᠢ 32 ᠵᠦᠢᠯ᠂ ᠭᠤᠣᠯᠳᠠᠭᠤ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠳᠠᠬᠢ ᠡᠭᠦᠷᠭᠡ ᠬᠠᠷᠢᠭᠤᠴᠠᠯᠭ᠎ᠠ᠂ ᠬᠢᠨᠠᠬᠤ ᠬᠠᠮᠢᠶᠠᠷᠬᠤ ᠶᠢ ᠰᠠᠯᠭᠠᠬᠤ ᠳᠤ ᠣᠯᠠᠨ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠲᠠᠢ ᠬᠤᠯᠪᠤᠭᠳᠠᠬᠤ᠂ ᠰᠠᠯᠠᠭ᠎ᠠ ᠮᠥᠴᠢᠷ ᠬᠠᠮᠵᠢᠯᠴᠠᠨ ᠪᠠᠶᠢᠴᠠᠭᠠᠨ ᠰᠢᠢᠳᠪᠦᠷᠢᠯᠡᠬᠦ ᠵᠡᠷᠭᠡ ᠭᠤᠣᠯᠳᠠᠯᠭ᠎ᠠ ᠲᠠᠢ ᠠᠰᠠᠭᠤᠳᠠᠯ ᠳᠤ ᠲᠣᠭᠲᠠᠭᠠᠯ ᠭᠠᠷᠭᠠᠵᠤ᠂ ᠡᠭᠦᠷᠭᠡ ᠬᠠᠷᠢᠭᠤᠴᠠᠯᠭ᠎ᠠ ᠶᠢ ᠰᠢᠯᠤᠭᠤᠳᠬᠠᠵᠤ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠭᠤᠰᠤᠨ ᠵᠠᠢ ᠦᠯᠡᠳᠡᠭᠡᠬᠦ ᠦᠭᠡᠢ᠃      ᠭᠤᠷᠪᠠᠳᠤᠭᠠᠷ ᠬᠡᠰᠡᠭ᠄ ᠠᠵᠢᠯ ᠤᠨ ᠱᠠᠭᠠᠷᠳᠠᠯᠭ᠎ᠠ᠃ ᠪᠣᠳᠠᠲᠠᠢ 5 ᠱᠠᠭᠠᠷᠳᠠᠯᠭ᠎ᠠ ᠲᠠᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠠᠭᠠᠷᠳᠠᠯᠭ᠎ᠠ ᠶᠢ ᠠᠳᠬᠤᠬᠤ ᠬᠡᠷᠡᠭᠲᠡᠢ︔ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠬᠢᠨᠠᠯᠲᠠ ᠬᠠᠮᠢᠶᠠᠷᠤᠯᠲᠠ ᠳᠠᠭᠠᠨ ᠰᠢᠨ᠎ᠡ ᠶᠢ ᠡᠭᠦᠳᠴᠦ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ︔ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠨᠢᠭᠲᠠ ᠬᠠᠮᠵᠢᠯᠴᠠᠬᠤ ᠬᠡᠷᠡᠭᠲᠡᠢ︔ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠢ᠃      ᠭᠤᠷᠪᠠ᠂ ᠭᠤᠣᠯ ᠣᠨᠴᠠᠯᠢᠭ      ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠠᠢ᠃ ︽ᠵᠥᠪᠬᠡᠨ ᠵᠥᠪᠰᠢᠶᠡᠷᠡᠭᠡᠳ ᠬᠠᠮᠢᠶᠠᠷᠬᠤ ᠦᠭᠡᠢ︾ ︽ᠴᠢᠩᠭ᠎ᠠ ᠬᠢᠨᠠᠨ ᠵᠥᠪᠰᠢᠶᠡᠷᠡᠵᠦ ᠰᠤᠯᠠ ᠬᠠᠮᠢᠶᠠᠷᠬᠤ︾ ᠵᠡᠷᠭᠡ ᠠᠰᠠᠭᠤᠳᠠᠯ ᠢ ᠵᠠᠯᠠᠷᠠᠭᠤᠯᠵᠤ᠂ ᠨᠡᠩ ᠣᠯᠠᠨ ᠵᠠᠰᠠᠭ ᠵᠠᠬᠢᠷᠭᠠᠨ ᠤ ᠡᠬᠢ ᠪᠠᠶᠠᠯᠢᠭ ᠢ ᠤᠴᠢᠷ ᠶᠠᠪᠤᠳᠠᠯ ᠤᠨ ᠳᠤᠮᠳᠠᠬᠢ ᠤᠴᠢᠷ ᠶᠠᠪᠤᠳᠠᠯ ᠤᠨ ᠬᠤᠶᠢᠨᠠᠬᠢ ᠬᠢᠨᠠᠯᠲᠠ ᠬᠠᠮᠢᠶᠠᠷᠤᠯᠲᠠ ᠳᠡᠭᠡᠷ᠎ᠡ ᠰᠢᠯᠵᠢᠭᠦᠯᠦᠨ᠂ ᠲᠥᠪ ᠬᠤᠲᠠ ᠶᠢᠨ ᠰᠠᠶᠢᠨ ᠰᠠᠶᠢᠬᠠᠨ ᠬᠠᠤᠯᠢᠵᠢᠭᠰᠠᠨ ᠡᠵᠡᠩᠨᠡᠯᠲᠡ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠷᠠᠯᠲᠠ ᠶᠢ ᠳᠤᠷᠠᠳᠴᠠᠢ᠃      ᠬᠤᠶᠠᠷ ᠲᠤ᠂ ᠮᠠᠨ ᠤ ᠬᠤᠲᠠ ᠶᠢᠨ ᠬᠢᠨᠠᠬᠤ ᠬᠠᠮᠢᠶᠠᠷᠬᠤ ᠶᠢ ᠰᠠᠯᠭᠠᠬᠤ ᠤᠴᠢᠷ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠢ ᠪᠣᠯᠭᠠᠵᠠᠢ᠃ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠵᠠᠷᠴᠢᠮ ᠢ ᠪᠠᠷᠢᠮᠲᠠᠯᠠᠨ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢᠨ ᠤᠴᠢᠷ ᠶᠠᠪᠤᠳᠠᠯ ᠢ ᠲᠣᠳᠣᠷᠬᠠᠶᠢᠯᠠᠵᠠᠢ᠃      ᠭᠤᠷᠪᠠ ᠳᠤ᠂ ︽ᠳᠦᠷᠢᠮ ᠲᠣᠭᠲᠠᠭᠠᠯ᠂ ᠠᠷᠭ᠎ᠠ ᠬᠡᠮᠵᠢᠶ᠎ᠡ︾ ᠪᠠᠷ ᠬᠢᠨᠠᠨ ᠬᠠᠮᠢᠶᠠᠷᠬᠤ ᠠᠭᠤᠯᠭ᠎ᠠ ᠶᠢ ᠲᠣᠳᠣᠷᠬᠠᠢ ᠪᠣᠯᠭᠠᠵᠠᠢ᠃ ᠪᠠᠷᠢᠮᠵᠢᠶ᠎ᠠ ᠬᠠᠩᠭᠠᠯᠭ᠎ᠠ ᠶᠢ ᠴᠢᠩᠭᠠᠳᠬᠠᠬᠤ᠂ ᠬᠢᠨᠠᠨ ᠬᠠᠮᠢᠶᠠᠷᠬᠤ ᠳᠦᠷᠢᠮ ᠢ ᠲᠣᠳᠣᠷᠬᠠᠶᠢᠯᠠᠬᠤ᠂ ᠬᠠᠤᠯᠢ ᠬᠡᠷᠡᠭᠵᠢᠭᠦᠯᠬᠦ ᠳᠦᠷᠢᠮ ᠢ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠶᠢ ᠳᠤᠷᠠᠳᠴᠠᠢ᠃      ᠳᠥᠷᠪᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠬᠢᠨᠠᠨ ᠬᠠᠮᠢᠶᠠᠷᠬᠤ ᠵᠠᠭᠪᠤᠷ ᠢ ᠳᠤᠷᠠᠳᠴᠠᠢ᠃ ᠭᠤᠣᠯᠳᠠᠯᠭ᠎ᠠ ᠲᠠᠢ ᠬᠢᠨᠠᠨ ᠬᠠᠮᠢᠶᠠᠷᠬᠤ ᠤᠴᠢᠷ ᠶᠠᠪᠤᠳᠠᠯ ᠤᠨ ᠨᠠᠷᠢᠨ ᠬᠠᠭᠤᠳᠠᠰᠤ ᠶᠢᠨ ᠳᠦᠷᠢᠮ ᠢ ᠪᠠᠶᠢᠭᠤᠯᠤᠨ᠂ ᠢᠳᠡᠭᠡᠨ ᠤ ᠵᠦᠢᠯ᠂ ᠡᠮ ᠤᠨ ᠵᠦᠢᠯ᠂ ᠡᠮᠴᠢᠯᠡᠭᠡ ᠶᠢᠨ ᠪᠠᠭᠠᠵᠢ ᠬᠡᠷᠡᠭᠰᠡᠯ᠂ ᠣᠨᠴᠠ ᠲᠥᠷᠥᠯ ᠤᠨ ᠪᠡᠯᠡᠳᠬᠡᠮᠵᠢ ᠶᠢᠨ ᠭᠤᠣᠯᠳᠠᠯᠭ᠎ᠠ ᠲᠠᠢ ᠪᠦᠲᠦᠭᠡᠭᠳᠡᠬᠦᠨ ᠳᠤ ᠬᠠᠨᠳᠤᠭᠤᠯᠵᠤ᠂ ᠪᠦᠲᠦᠭᠡᠭᠳᠡᠬᠦᠨ ᠤ ᠺᠣᠳ᠋ ᠤᠨ ᠬᠠᠮᠢᠶᠠᠷᠤᠯᠲᠠ ᠪᠠᠷ ᠭᠠᠷᠳᠠᠴᠠ ᠪᠣᠯᠭᠠᠭᠰᠠᠨ ᠮᠥᠷᠳᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠪᠦᠬᠦ ᠬᠡᠯᠬᠢᠶ᠎ᠡ ᠶᠢᠨ ᠴᠢᠩᠭ᠎ᠠ ᠬᠢᠨᠠᠨ ᠬᠠᠮᠢᠶᠠᠷᠤᠯᠲᠠ ᠶᠢ ᠪᠡᠶᠡᠯᠡᠭᠦᠯᠵᠡᠢ᠃      ᠲᠠᠪᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠡᠭᠦᠳᠪᠡ᠃ ᠰᠠᠯᠠᠭ᠎ᠠ ᠮᠥᠴᠢᠷ ᠤᠨ ᠬᠠᠮᠲᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠶᠢ ᠬᠢᠨᠠᠨ ᠬᠠᠮᠢᠶᠠᠷᠬᠤ᠂ ᠢᠲᠡᠭᠡᠮᠵᠢ ᠶᠢ ᠬᠢᠨᠠᠨ ᠬᠠᠮᠢᠶᠠᠷᠬᠤ᠂ ᠬᠤᠯᠪᠣᠭᠠᠯᠠᠨ ᠬᠢᠨᠠᠨ ᠬᠠᠮᠢᠶᠠᠷᠬᠤ᠂ ᠠᠬᠤᠢ ᠲᠠᠯᠠᠪᠠᠢ ᠶᠢᠨ ᠭᠠᠳᠠᠨ᠎ᠠ ᠠᠴᠠ ᠬᠢᠨᠠᠨ ᠬᠠᠮᠢᠶᠠᠷᠬᠤ ᠪᠠ  ᠤᠴᠢᠷ ᠶᠠᠪᠤᠳᠠᠯ ᠳᠤᠮᠳᠠ ᠬᠢᠨᠠᠨ ᠬᠠᠮᠢᠶᠠᠷᠬᠤ ᠮᠠᠶ᠋ᠢᠭ ᠢᠶᠠᠷ  ᠬᠠᠮᠳᠤᠷᠠᠭᠰᠠᠨ ᠬᠢᠨᠠᠨ ᠬᠠᠮᠢᠶᠠᠷᠤᠯᠲᠠ ᠶᠢᠨ ᠴᠠᠭᠲᠤ ᠴᠢᠨᠠᠷ᠂ ᠵᠢᠷᠤᠮᠵᠢᠯ ᠤᠨ ᠴᠢᠨᠠᠷ᠂ ᠤᠨᠤᠪᠴᠢᠳᠤ ᠴᠢᠨᠠᠷ ᠢ ᠳᠡᠭᠡᠭᠰᠢᠯᠡᠭᠦᠯᠪᠡ᠃      ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠢᠷᠡᠯᠲᠡ᠄ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ