ᠬᠥᠬᠡᠬᠤᠲᠠ᠄ ᠶᠠᠳᠠᠭᠤ ᠠᠴᠠ ᠲᠤᠭᠤᠰᠢᠲᠠᠢ ᠠᠩᠭᠢᠵᠢᠷᠠᠭᠤᠯᠬᠤ ᠳᠤ 4 ᠲᠥᠷᠥᠯ ᠤᠨ ᠴᠢᠳᠠᠪᠤᠷᠢᠲᠠᠨ ᠤ ᠬᠦᠴᠣᠨ ᠢ ᠲᠦᠪᠯᠡᠷᠡᠭᠦᠯᠪᠡ
ᠨᠡᠶᠢᠲᠡᠯᠡᠭᠰᠡᠨ ᠴᠠᠭ᠄
2020/9/15
      ᠬᠥᠬᠡᠬᠤᠲᠠ ᠶᠠᠳᠠᠭᠤ ᠠᠴᠠ ᠲᠤᠭᠤᠰᠢᠲᠠᠢ ᠠᠩᠭᠢᠵᠢᠷᠠᠭᠤᠯᠬᠤ ᠭᠤᠤᠯᠳᠠᠯᠭ᠎ᠠ ᠲᠠᠢ ᠭᠤᠭᠴᠤᠭ᠎ᠠ ᠳᠤ ᠠᠩᠬᠠᠷᠣᠯ ᠢᠶᠠᠨ ᠲᠠᠯᠪᠢᠵᠤ᠂ 4 ᠲᠥᠷᠥᠯ ᠤᠨ ᠴᠢᠳᠠᠪᠤᠷᠢᠲᠠᠨ ᠢ ᠬᠥᠲᠥᠯᠥᠨ ᠵᠢᠯᠣᠭᠤᠳᠴᠤ ᠪᠠᠶᠢᠭᠠᠳ ᠶᠠᠳᠠᠭᠤ ᠶᠢ ᠲᠡᠳᠬᠦᠬᠦ ᠨᠢᠭᠡᠳᠦᠭᠡᠷ ᠹᠷᠣᠨᠲ ᠲᠤ ᠣᠶᠢᠯᠡᠴᠢᠯᠡᠭᠡ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠤ ᠣᠶᠤᠨ ᠤ ᠲᠤᠯᠭᠠᠭᠤᠷᠢᠯᠠᠯ ᠬᠠᠩᠭᠠᠵᠠᠢ  ᠃      ᠨᠠᠮ ᠵᠠᠰᠠᠭ ᠤᠨ ᠴᠢᠳᠠᠪᠤᠷᠢᠲᠠᠨ ᠢ ᠨᠢᠭᠡᠳᠦᠭᠡᠷ ᠹᠷᠣᠨᠲ ᠲᠤ ᠪᠠᠭᠤᠯᠭᠠᠵᠤ ᠬᠠᠪᠰᠤᠷᠤᠨ  ᠲᠡᠳᠭᠦᠪᠡ᠃ ᠪᠦᠬᠦ ᠬᠤᠲᠠ ᠳᠤ ᠨᠡᠶᠢᠲᠡ 47 ᠰᠢᠶᠠᠨ ᠭᠠᠵᠠᠷ ᠤᠨ ᠲᠠᠰ ᠤᠨ ᠺᠠᠳ᠋ᠷ ᠢ ᠰᠣᠩᠭᠤᠨ ᠲᠣᠮᠢᠯᠠᠵᠤ᠂ ᠰᠢᠶᠠᠩ ᠪᠠᠯᠭᠠᠰᠤᠨ ᠤ ᠨᠢᠭᠡᠳᠦᠭᠡᠷ ᠱᠦᠵᠢ ᠪᠠᠷ ᠮᠠᠩᠯᠠᠶᠢᠯᠠᠭᠤᠯᠤᠨ ᠵᠢᠯᠣᠭᠤᠳᠣᠭᠤᠯᠵᠠᠶ᠃ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠲᠠᠢ ᠰᠢᠶᠠᠩ ᠪᠠᠯᠭᠠᠰᠤ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠠᠵᠢᠯ ᠢ ᠵᠢᠯᠣᠭᠤᠳᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠠᠵᠤ ᠣᠶᠢᠯᠡᠰ ᠢ ᠬᠥᠭᠵᠢᠭᠦᠯᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ 6 ᠵᠣᠶᠢᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠰᠠᠶᠢᠲᠤᠷ ᠠᠳᠬᠤᠪᠠ᠃ ᠲᠣᠰᠬᠤᠨ ᠳᠤ ᠰᠠᠭᠤᠭ᠎ᠠ 920 ᠨᠢᠭᠡᠳᠦᠭᠡᠷ ᠱᠦᠵᠢ ᠶᠢ ᠲᠣᠰᠬᠤᠨ ᠳᠤ ᠲᠣᠮᠢᠯᠠᠨ ᠣᠴᠢᠭᠤᠯᠵᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠠᠵᠢᠯ ᠤᠨ ᠵᠢᠯᠣᠭᠤᠳᠤᠯᠭ᠎ᠠ ᠶᠢ ᠪᠦᠬᠦ ᠬᠦᠴᠦᠨ ᠢᠶᠠᠷ ᠰᠠᠶᠢᠲᠤᠷ ᠠᠳᠬᠤᠪᠠ  ᠃      ᠮᠡᠷᠭᠡᠵᠢᠯ ᠤᠨ ᠴᠢᠳᠠᠪᠤᠷᠢᠲᠠᠨ ᠤ ᠣᠨᠣᠴᠠᠲᠠᠶ ᠵᠢᠯᠣᠭᠤᠳᠣᠯᠭ᠎ᠠ ᠶᠢ ᠴᠢᠩᠭᠠᠳᠬᠠᠪᠠ᠃ ︽ᠮᠢᠩᠭᠠᠨ ᠴᠢᠳᠠᠪᠤᠷᠢᠲᠠᠨ ᠦᠨᠳᠦᠰᠦᠨ ᠱᠠᠲᠤᠨ ᠳᠤ ᠪᠠᠭᠤᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠬᠦᠷᠢᠶᠡᠨ ᠤ ᠴᠢᠳᠠᠪᠤᠷᠢᠲᠠᠨ ᠤ ᠲᠤᠰᠬᠠᠶ ᠮᠡᠷᠭᠡᠵᠢᠯᠲᠡᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠵᠢᠯᠣᠭᠤᠳᠣᠯᠭ᠎ᠠ ᠥᠷᠨᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠥᠲᠥᠭᠡᠨ ᠪᠠᠶᠢᠭᠤᠯᠤᠯᠲᠠ ᠭᠦᠭᠵᠢᠯᠳᠡ ᠳᠤ ᠬᠥᠳᠡᠯᠭᠡᠬᠦ ᠬᠦᠴᠦᠨ ᠬᠠᠩᠭᠠᠪᠠ᠃ ᠣᠳᠣᠬᠠᠨ ᠳᠤ᠂ ᠪᠥᠬᠦ ᠬᠤᠲᠠ ᠶᠢᠨ 502 ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ 9 ᠬᠤᠰᠢᠭᠤ ᠰᠢᠶᠠᠨ ᠲᠣᠭᠤᠷᠢᠭ  ᠲᠤ ᠳᠠᠷᠢᠵᠤ ᠲᠡᠵᠢᠭᠡᠨ ᠦᠷᠡᠵᠢᠭᠦᠯᠬᠦ ᠵᠡᠷᠭᠡ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ  ᠣᠶᠢᠯᠡᠴᠢᠯᠡᠭᠡᠨ  ᠤ ᠠᠵᠢᠯ ᠢ ᠥᠷᠨᠢᠭᠦᠯᠵᠦ᠂ ᠲᠠᠷᠢᠶᠠᠯᠠᠩ ᠤᠨ ᠬᠦᠷᠢᠶᠡᠯᠡᠩ ᠲᠣᠭᠤᠷᠢᠭ᠂ ᠰᠠᠭᠤᠷᠢᠨ ᠭᠠᠵᠠᠷ 290 ᠳᠤ  ᠬᠦᠷᠴᠠᠢ᠃ ᠡᠨᠡ ᠵᠢᠯ ᠠᠴᠠ ᠨᠠᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠵᠣᠬᠢᠶᠠᠨ ᠪᠠᠶᠢᠭᠤᠯᠤᠨ ᠣᠨᠴᠠᠯᠢᠭᠲᠤ ᠵᠢᠵᠢᠭ ᠬᠡᠯᠪᠡᠷᠢ ᠶᠢᠨ  ᠠᠬᠤᠢ ᠲᠠᠯᠠᠪᠠᠶ ᠶᠢᠨ ᠮᠡᠷᠭᠡᠵᠢᠯ ᠤᠨ ᠪᠣᠯᠪᠠᠰᠤᠷᠠᠯ ᠢ 1249 ᠬᠤᠭᠤᠴᠠᠭ᠎ᠠ ᠡᠷᠬᠢᠯᠡᠵᠦ᠂ 4.4 ᠲᠦᠮᠡ ᠭᠠᠷᠤᠶ ᠲᠠᠷᠢᠶᠠᠴᠢᠨ ᠳᠤ ᠪᠤᠯᠪᠠᠰᠤᠷᠠᠯ ᠬᠦᠷᠲᠡᠭᠡᠵᠡᠶ᠃ 5.38 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ 6618 ᠬᠥᠮᠦᠨ ᠳᠤ ᠠᠵᠢᠯ ᠣᠯᠭᠤᠪᠠ᠃      ᠣᠷᠣᠨ ᠨᠤᠲᠤᠭ ᠤᠨ ᠴᠢᠳᠠᠪᠤᠷᠢᠲᠠᠳ ᠪᠠᠶᠠᠵᠢᠨ ᠴᠢᠨᠡᠭᠡᠯᠢᠭᠵᠢᠬᠦ ᠶᠢ ᠬᠥᠲᠥᠯᠥᠨ ᠳᠠᠭᠠᠭᠤᠯᠵᠤ ᠣᠷᠣᠯᠭ᠎ᠠ ᠶᠢ ᠨᠢ ᠨᠡᠮᠡᠭᠳᠡᠭᠦᠯᠪᠡ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠢᠶᠠᠷ ᠲᠠᠷᠢᠶᠠᠴᠢᠳ ᠢ ᠪᠣᠯᠪᠠᠰᠤᠷᠠᠭᠤᠯᠬᠤ ᠠᠵᠢᠯ ᠢ ᠪᠦᠬᠦ ᠲᠠᠯ᠎ᠠ ᠪᠠᠷ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠪᠡ᠃ ᠨᠤᠲᠤᠭ ᠤᠨ ᠴᠢᠳᠠᠪᠤᠷᠢᠲᠠᠨ ᠢ ᠵᠣᠷᠢᠭᠵᠢᠭᠤᠯᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠬᠥᠲᠥᠯᠥᠨ ᠳᠠᠭᠠᠭᠤᠯᠵᠤ᠂ ᠬᠥᠳᠡᠭᠡ ᠲᠣᠰᠬᠤᠨ  ᠤ ᠬᠦᠭᠵᠢᠯᠲᠡ ᠮᠠᠨᠳᠤᠯᠲᠠ ᠶᠢ ᠠᠬᠢᠭᠤᠯᠪᠠ᠃ ᠲᠣᠰᠬᠤᠨ ᠤ ᠲᠠᠷᠢᠵᠤ ᠲᠡᠵᠢᠭᠡᠨ ᠦᠷᠡᠵᠢᠭᠦᠯᠬᠦ ᠲᠣᠮᠣ ᠡᠷᠦᠬᠡ᠂ ᠬᠤᠷᠰᠢᠶ᠎ᠠ ᠶᠢᠨ ᠲᠠᠷᠢᠶᠠᠯᠠᠩ ᠤᠨ ᠠᠵᠤ  ᠠᠬᠤᠶᠢᠯᠠᠯ ᠤᠨ ᠬᠠᠷᠢᠭᠤᠴᠠᠯᠭᠠᠲᠠᠨ ᠵᠢᠴᠢ ᠭᠤᠣᠯᠯᠠᠭᠴᠢ ᠠᠵᠢᠯᠳᠠᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠳ ᠵᠡᠷᠭᠡ ᠳᠤ ᠴᠢᠭᠯᠡᠭᠦᠯᠦᠨ ᠬᠢᠴᠢᠶᠡᠯ ᠤᠨ ᠲᠠᠩᠬᠢᠮ ᠡᠷᠬᠢᠯᠡᠵᠦ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠢᠶᠠᠷ ᠲᠠᠷᠢᠶᠠᠴᠢᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢ  ᠬᠦᠮᠣᠵᠢᠭᠦᠯᠣᠨ᠋ ᠳᠡᠭᠡᠭᠰᠢᠯᠡᠭᠦᠯᠵᠦ᠂ 2019 ᠣᠨ ᠠᠴᠠ ᠣᠲᠣ ᠪᠣᠯᠲᠠᠯ᠎ᠠ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠲᠠᠷᠢᠶᠠᠴᠢᠨ ᠢ ᠨᠡᠶᠢᠲᠡ 6292 ᠬᠥᠮᠦᠨ ᠬᠥᠮᠦᠵᠢᠭᠦᠯᠪᠡ᠃      ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠬᠦᠭᠵᠢᠭᠡᠪᠡ᠃ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠡᠬᠢ ᠪᠠᠶᠠᠯᠢᠭ ᠪᠣᠯᠤᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠴᠦᠨ ᠢ ᠠᠰᠢᠭᠯᠠᠨ ᠬᠥᠳᠡᠭᠡ ᠲᠣᠰᠬᠤᠨ ᠤ ᠠᠵᠤ ᠣᠶᠢᠯᠡᠰ ᠤᠨ ᠬᠥᠭᠵᠢᠯᠲᠡ ᠶᠢ  ᠲᠠᠶᠢᠴᠢᠯᠠᠵᠠᠢ᠃ ᠣᠷᠣᠨ ᠤ ᠲᠥᠪ ᠤᠨ ᠳᠡᠭᠡᠳᠦ ᠰᠤᠷᠭᠠᠭᠤᠯᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢᠶᠠᠨ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠶᠢ ᠵᠣᠷᠢᠭᠵᠢᠭᠤᠯᠵᠤ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠬᠥᠲᠥᠯᠥᠨ ᠵᠢᠯᠣᠭᠤᠳᠴᠤ᠂ ᠣᠷᠣᠨ ᠨᠤᠲᠤᠭ ᠤᠨ ᠠᠵᠤ ᠠᠬᠤᠶ ᠶᠢᠨ ᠪᠦᠲᠦᠴᠡ ᠪᠣᠯᠤᠨ ᠠᠵᠤ ᠣᠶᠢᠯᠡᠰ ᠤᠨ ᠬᠥᠭᠵᠢᠯᠲᠡ ᠶᠢᠨ ᠬᠡᠷᠡᠭᠴᠡᠭᠡ  ᠳᠤ ᠴᠢᠭᠯᠡᠭᠦᠯᠥᠨ᠂ ᠰᠢᠨ᠎ᠡ ᠶᠢ ᠡᠭᠦᠳᠬᠦ ᠣᠶᠢᠯᠡᠰ ᠪᠣᠰᠬᠠᠬᠤ ᠰᠤᠷᠭᠠᠨ ᠬᠥᠮᠦᠵᠢᠯ ᠤᠨ ᠬᠢᠴᠢᠶᠡᠯ ᠨᠡᠭᠡᠭᠡᠵᠦ ᠂ ᠰᠠᠭᠤᠷᠢ ᠬᠡᠯᠪᠡᠷᠢ ᠶᠢᠨ ᠰᠢᠨ᠎ᠡ ᠶᠢ ᠡᠭᠦᠳᠴᠦ ᠠᠳᠠᠯ  ᠣᠶᠢᠯᠡᠰ ᠴᠣᠭᠴᠠᠯᠠᠬᠤ ᠴᠢᠳᠠᠪᠤᠷᠢᠲᠠᠨ ᠨᠡᠶᠢᠲᠡ 1.5 ᠲᠦᠮᠡ ᠶᠢ ᠳᠠᠪᠠᠪᠠ᠃ ᠪᠡᠭᠡᠵᠢᠩ ᠶᠡᠭᠡ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠶᠡᠭᠡ ᠰᠤᠷᠭᠠᠭᠤᠯᠢ ᠶᠢᠨ ᠰᠣᠷᠣᠭᠴᠢᠳ ᠢ ᠬᠦᠬᠡᠬᠠᠳᠠ ᠳᠤ ᠲᠡᠳᠡᠨ ᠠᠪᠴᠢᠷᠠᠵᠤ ᠪᠣᠳᠠᠲᠤ ᠪᠣᠯᠪᠠᠰᠤᠷᠠᠯ ᠬᠢᠯᠭᠡᠵᠦ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠬᠤ ᠪᠠᠷ ᠳᠠᠮᠵᠢᠨ ᠤᠷᠲᠤ ᠬᠤᠭᠤᠴᠠᠭᠠᠨ ᠤ  ᠪᠦᠳᠣᠮᠵᠢᠳᠠᠢ ᠬᠠᠮᠲᠤᠷᠠᠯᠴᠠᠭᠠᠨ ᠤ ᠲᠣᠭᠲᠠᠴᠠ ᠶᠢ ᠪᠦᠷᠢᠯᠳᠦᠭᠦᠯᠵᠦ᠂ ᠰᠤᠷᠤᠭᠴᠢᠳ ᠢ ᠵᠣᠬᠢᠶᠠᠨ ᠪᠠᠶᠢᠭᠤᠯᠤᠨ ᠬᠥᠳᠡᠭᠡ ᠲᠣᠰᠬᠤᠨ ᠳᠤ ᠭᠦᠨᠵᠡᠭᠡᠶᠢᠷᠡᠨ ᠲᠤᠰᠬᠠᠶ ᠰᠡᠳᠦᠪᠲᠦ  ᠪᠠᠶᠢᠴᠠᠭᠠᠨ ᠰᠤᠳᠤᠯᠤᠯᠲᠠ ᠥᠷᠨᠢᠭᠦᠯᠵᠦ᠂ ᠰᠤᠷᠤᠭᠴᠢᠳ ᠤᠨ ᠣᠨᠣᠯ ᠤᠨ ᠰᠤᠳᠤᠯᠭᠠᠨ ᠤ ᠳᠠᠪᠠᠭᠤᠯᠢᠭ ᠢ ᠪᠠᠳᠠᠷᠠᠭᠤᠯᠵᠠᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠳᠡᠭᠡᠳᠦ ᠲᠡᠰ ᠤᠨ ᠤᠶᠤᠨ ᠤ  ᠬᠦᠮᠣᠷᠭᠡ ᠶᠢ ᠪᠠᠶᠢᠭᠤᠯᠵᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠬᠠᠮᠵᠢᠨ  ᠪᠦᠷᠢᠨᠰᠢᠭᠦᠯᠵᠦ ᠪᠠᠶᠢᠨ᠎ᠠ  ᠃ ︵ᠰᠤᠷᠪᠤᠯᠵᠢᠯᠠᠭᠴᠢ ᠵᠧᠩ ᠰᠢᠤᠸᠠᠢ ᠯᠢᠶᠠᠩ︶ http://mongol.people.com.cn/15824063.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ