ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠠᠩᠬᠠᠳᠤᠭᠠᠷ ᠬᠤᠭᠤᠴᠠᠭᠠᠨ ᠤ ᠪᠠᠷᠢᠯᠭ᠎ᠠ ᠶᠢᠨ ᠠᠵᠢᠯ ᠲᠠᠭᠤᠰᠴᠤ ᠰᠢᠯᠭᠠᠨ  ᠠᠪᠬᠤ ᠳᠤ ᠬᠢᠷᠢ ᠲᠡᠩᠴᠡᠪᠡ
ᠨᠡᠶᠢᠲᠡᠯᠡᠭᠰᠡᠨ ᠴᠠᠭ᠄
2020/9/15
      ᠬᠦᠬᠡᠬᠤᠳᠠ ᠶᠢᠨ ᠡᠳᠣᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ ᠴᠢᠮᠡᠭᠡᠯᠡᠭᠴᠢ ᠵᠣᠣ ᠴᠢᠨ︶ 9 ᠰᠠᠷ᠎ᠠ ᠶᠢᠨ 12 ᠤᠨ ᠡᠳᠦᠷ ᠂ ᠬᠦᠬᠡᠬᠤᠳᠠ ᠶᠢᠨ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠠᠩᠬᠠᠳᠤᠭᠠᠷ ᠬᠤᠭᠤᠴᠠᠭᠠᠨ ᠤ ᠪᠠᠷᠢᠯᠭ᠎ᠠ ᠳᠠᠭᠤᠰᠴᠤ᠂ ᠰᠢᠯᠭᠠᠨ ᠠᠪᠬᠤ  ᠳᠤ ᠬᠢᠷᠢ ᠲᠡᠩᠴᠡᠭᠡᠳ᠂ ᠲᠡᠷᠭᠡ ᠨᠡᠪᠲᠡᠷᠡᠭᠦᠯᠦᠨ ᠲᠤᠷᠰᠢᠨ ᠡᠵᠡᠩᠨᠡᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃      ᠲᠤᠰ ᠤᠳᠠᠭᠠᠨ ᠤ ᠰᠢᠯᠭᠠᠨ ᠠᠪᠬᠤ ᠬᠤᠷᠠᠯ ᠢ ᠬᠥᠬᠡᠬᠤᠲᠠ ᠶᠢᠨ ᠴᠠᠷᠭᠤᠳᠤ ᠵᠠᠮ ᠤᠨ ᠺᠣᠮᠫᠠᠨᠢ᠂ ᠭᠠᠵᠠᠷ ᠳᠣᠤᠷᠠᠬᠢ ᠲᠡᠮᠦᠷ ᠵᠠᠮ ᠤᠨ ᠬᠤᠶᠠᠳᠤᠭᠠᠷ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠺᠣᠮᠫᠠᠨᠢ ᠵᠣᠬᠢᠶᠠᠨ ᠪᠠᠶᠢᠭᠤᠯᠵᠤ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠡᠮᠳᠡᠭᠴᠦᠳ ᠤᠨ ᠬᠤᠯᠪᠣᠭ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠨᠢᠰᠬᠡᠯ ᠤᠨ ᠪᠠᠭᠤᠳᠠᠯ ᠬᠢᠭᠡᠳ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠣᠶᠢᠯ  ᠤᠨ ᠠᠯᠪᠠᠨ ᠭᠡᠷ ᠵᠡᠷᠭᠡ ᠬᠤᠷᠢ ᠭᠠᠷᠤᠶ ᠵᠥᠪᠯᠡᠯ ᠠᠯᠪᠠᠨ ᠭᠡᠷ ᠲᠣᠪᠴᠢᠶ᠎ᠠ ᠤᠷᠢᠯᠭ᠎ᠠ ᠪᠠᠷ ᠣᠷᠣᠯᠴᠠᠵᠤ᠂ ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠬᠢᠨᠠᠨ ᠬᠠᠮᠢᠶᠠᠷᠬᠤ᠂ ᠡᠵᠡᠩᠨᠡᠬᠦ  ᠂ ᠪᠠᠷᠢᠯᠭ᠎ᠠ ᠪᠠᠷᠢᠬᠤ᠂ ᠲᠥᠬᠦᠭᠡᠷᠦᠮᠵᠢ ᠶᠢ ᠲᠥᠪᠯᠡᠷᠡᠭᠦᠯᠦᠨ ᠲᠣᠬᠢᠷᠠᠭᠤᠯᠬᠤ᠂ ᠶᠡᠷᠦᠩᠬᠡᠶᠢᠯᠡᠨ ᠬᠤᠯᠪᠣᠭᠠᠯᠠᠨ ᠲᠣᠬᠢᠷᠠᠭᠤᠯᠬᠤ᠂ ᠯᠠᠪᠯᠠᠭ᠎ᠠ ᠥᠭᠬᠦ᠂ ᠪᠠᠶᠢᠴᠠᠭᠠᠨ ᠰᠢᠯᠭᠠᠬᠤ᠂ ᠬᠢᠨᠠᠨ ᠬᠡᠮᠵᠢᠬᠦ᠂ ᠬᠡᠮᠵᠢᠬᠦ ᠵᠡᠷᠭᠡ ᠨᠢᠭᠡᠴᠡ ᠣᠷᠣᠯᠴᠠᠪᠠ᠃      ᠰᠢᠯᠭᠠᠨ ᠠᠪᠬᠤ ᠬᠤᠭᠤᠴᠠᠭᠠᠨ ᠳᠤ᠂  ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ‌ᠡᠯ᠎ᠡ ᠨᠢᠭᠡᠴᠡ ᠲᠤᠰᠬᠠᠶ ᠵᠣᠶᠢᠯ ᠢᠶᠠᠷ ᠰᠢᠯᠭᠠᠨ  ᠠᠪᠤᠭᠰᠠᠨ᠂ ᠲᠤᠷᠰᠢᠨ ᠠᠵᠢᠯᠯᠠᠭᠤᠯᠤᠭᠰᠠᠨ ᠵᠡᠷᠭᠡ ᠠᠵᠢᠯ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ  ᠮᠡᠳᠡᠭᠦᠯᠪᠡ᠃ ᠰᠢᠯᠭᠠᠨ ᠠᠪᠬᠤ ᠬᠥᠮᠦᠰ ᠢ ᠶᠡᠷᠦᠩᠬᠡᠶᠢᠯᠡᠭᠰᠡᠨ ᠰᠢᠯᠭᠠᠨ ᠠᠪᠬᠤ ᠳᠤᠭᠤᠢᠯᠠᠩ᠂ ᠰᠢᠷᠣᠶ ᠶᠢᠨ ᠪᠦᠲᠦᠭᠡᠨ ᠪᠠᠶᠢᠭᠤᠯᠤᠯᠲᠠ ᠪᠠ ᠵᠠᠰᠠᠵᠤ ᠴᠢᠮᠡᠭᠯᠡᠬᠦ ᠶᠢ ᠰᠢᠯᠭᠠᠨ ᠠᠪᠬᠤ ᠳᠤᠭᠤᠶᠢᠯᠠᠩ᠂ ᠮᠠᠰᠢᠨ ᠴᠠᠬᠢᠯᠭᠠᠨ ᠢ ᠰᠢᠯᠭᠠᠨ ᠠᠪᠬᠤ ᠳᠤᠭᠤᠶᠢᠯᠠᠩ᠂ ᠰᠢᠰᠲ᠋ᠧᠮ ᠤᠨ ᠰᠢᠯᠭᠠᠨ ᠠᠪᠬᠤ ᠳᠤᠭᠤᠶᠢᠯᠠᠩ ᠵᠡᠷᠭᠡ ᠳᠥᠷᠪᠡᠨ ᠳᠤᠭᠤᠶᠢᠯᠠᠩ  ᠬᠤᠪᠢᠶᠠᠵᠣ᠂  ᠰᠢᠷᠣᠶ ᠶᠢᠨ ᠪᠠᠷᠢᠯᠭ᠎ᠠ᠂ ᠮᠠᠰᠢᠨ ᠴᠠᠬᠢᠯᠭᠠᠨ ᠤ ᠲᠥᠬᠦᠭᠡᠷᠦᠮᠵᠢ ᠤᠭᠰᠠᠷᠠᠭᠤᠯᠬᠤ ᠪᠠᠷᠢᠯᠭ᠎ᠠ᠂ ᠵᠠᠰᠠᠵᠤ ᠴᠢᠮᠡᠭᠯᠡᠬᠦ ᠪᠠᠷᠢᠯᠭ᠎ᠠ ᠵᠢᠴᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ᠂ ᠱᠤᠭᠤᠮ ᠪᠣᠯᠤᠨ ᠵᠠᠭᠠᠭ ᠬᠢᠵᠠᠭᠠᠷ᠂ ᠲᠣᠭᠤᠷᠢᠯ ᠵᠠᠮ ᠤᠨ ᠪᠠᠷᠢᠯᠭ᠎ᠠ᠂ ᠲᠡᠷᠭᠡ ᠬᠥᠰᠬᠡ ᠶᠢᠨ ᠰᠠᠭᠤᠷᠢᠨ ᠭᠠᠵᠠᠷ ᠤᠨ ᠪᠠᠷᠢᠯᠭ᠎ᠠ ᠶᠢᠨ ᠶᠠᠰᠤ ᠴᠢᠨᠠᠷ ᠪᠣᠯᠤᠨ ᠬᠠᠮᠢᠶ᠎ᠠ ᠪᠦᠬᠦᠢ ᠮᠠᠲ᠋ᠧᠷᠢᠶᠠᠯ ᠵᠡᠷᠭᠡ ᠶᠢ ᠲᠤᠰ ᠲᠤᠰ ᠰᠢᠯᠭᠠᠨ ᠠᠪᠤᠪᠠ᠃ ᠪᠠᠶᠢᠴᠠᠭᠠᠯᠲᠠ ᠪᠠᠷ ᠳᠠᠮᠵᠢᠨ᠂ ᠰᠢᠯᠭᠠᠨ ᠠᠪᠬᠤ ᠺᠣᠮᠢᠰ ᠰᠠᠨᠠᠯ ᠨᠢᠭᠡᠲᠡᠢ ᠦᠵᠡᠭᠰᠡᠨ ᠨᠢ᠄ ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠠᠩᠬᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠣᠳᠠᠲᠤ ᠴᠣᠭᠴᠠ ᠶᠢᠨ ᠶᠠᠰᠤ ᠴᠢᠨᠠᠷ ᠨᠢ ᠵᠢᠷᠤᠭ ᠲᠥᠯᠥᠪᠯᠡᠭᠡ ᠶᠢᠨ ᠵᠢᠷᠤᠮᠵᠢᠯ ᠵᠢᠴᠢ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠠᠪᠬᠤ ᠪᠠᠷᠢᠮᠵᠢᠶ᠎ᠠ ᠳᠤ ᠨᠡᠶᠢᠴᠡᠵᠦ᠂ ᠪᠠᠷᠢᠯᠭ᠎ᠠ ᠳᠠᠭᠤᠰᠤᠭᠰᠠᠨ ᠮᠠᠲ᠋ᠧᠷᠢᠶᠠᠯ ᠨᠢ ᠪᠦᠷᠢᠨ ᠭᠦᠢᠴᠡᠳ ᠬᠢᠷᠢ  ᠲᠡᠩᠴᠡᠵᠦ᠂ ᠭᠡᠷ᠎ᠡ ᠶᠢᠨ ᠱᠠᠭᠠᠷᠳᠠᠯᠭ᠎ᠠ ᠶᠢ  ᠭᠦᠢᠴᠡᠳᠭᠡᠭᠰᠡᠨ ᠲᠤᠯᠠ᠂ ᠲᠣᠰ ᠪᠠᠷᠢᠯᠭ᠎ᠠ ᠶᠢᠨ ᠠᠵᠢᠯ ᠲᠡᠭᠦᠰᠴᠤ ᠰᠢᠯᠭᠠᠨ ᠠᠪᠬᠤ  ᠳᠤ ᠬᠢᠷᠢ ᠲᠠᠩᠴᠡᠪᠡ  ᠭᠡᠵᠡᠢ᠃      ᠬᠥᠬᠡᠬᠤᠲᠠ ᠶᠢᠨ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠠᠩᠬᠠᠳᠤᠭᠠᠷ ᠬᠤᠭᠤᠴᠠᠭᠠᠨ ᠤ ᠪᠠᠷᠢᠯᠭ᠎ᠠ ᠳᠠᠭᠤᠰᠴᠤ ᠰᠢᠯᠭᠠᠨ ᠠᠪᠬᠤ ᠠᠵᠢᠯ ᠤᠷᠤᠭᠰᠢᠲᠠᠶ ᠶᠠᠪᠤᠭᠳᠠᠪᠠ᠂᠂ ᠡᠨᠡ ᠨᠢ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠪᠠᠷᠢᠯᠭ᠎ᠠ ᠲᠡᠷᠭᠡ ᠨᠡᠪᠲᠡᠷᠡᠬᠦ ᠳᠠᠰᠢ ᠪᠠᠰᠠ ᠨᠢᠭᠡ ᠵᠠᠩᠭᠢᠯᠠᠭ᠎ᠠ ᠶᠢᠨ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠭᠠᠵᠠᠷ ᠳᠣᠤᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠨᠢ ᠡᠵᠡᠩᠨᠡᠯᠲᠡ ᠠᠴᠠ ᠡᠮᠦᠨᠡᠬᠢ ᠡᠯ᠎ᠡ ᠵᠣᠶᠢᠯ ᠤᠨ ᠪᠡᠯᠡᠳᠬᠡᠯ ᠠᠵᠢᠯ ᠢ ᠦᠷᠭᠦᠯᠵᠢᠯᠡᠨ ᠰᠠᠶᠢᠲᠤᠷ  ᠬᠢᠵᠤ᠂ ᠲᠥᠷᠥᠯ ᠵᠦᠢᠯ ᠤᠨ ᠠᠩᠬᠠᠨ ᠤ ᠬᠤᠭᠤᠴᠠᠭᠠᠨ ᠤ ᠡᠵᠡᠩᠨᠡᠯᠲᠡ ᠠᠴᠠ ᠡᠮᠦᠨᠡᠬᠢ ᠠᠮᠤᠷ ᠲᠦᠪᠰᠢᠨ ᠤ ᠦᠨᠡᠯᠡᠨ ᠵᠢᠱᠢᠯᠲᠡ ᠶᠢ ᠤᠷᠤᠭᠰᠢᠲᠠᠶ ᠪᠠᠲᠤᠯᠠᠵᠤ᠂ ᠭᠠᠵᠠᠷ ᠳᠣᠣᠷᠠᠬᠢ ᠲᠡᠮᠦᠷ ᠵᠠᠮ ᠤᠨ 2 ᠳ᠋ᠤᠭᠠᠷ ᠱᠤᠭᠤᠮ ᠤᠨ ᠴᠢᠨᠠᠷ ᠰᠠᠶᠢᠲᠠᠢ᠂ ᠳᠡᠭᠡᠳᠤ ᠬᠢᠷᠢ ᠲᠦᠪᠰᠢᠨ ᠲᠠᠢ ᠨᠡᠪᠲᠡᠷᠡᠯᠳᠡ ᠶᠢ ᠪᠡᠶᠡᠯᠡᠭᠦᠯᠵᠦ᠂ ᠬᠥᠬᠡᠬᠤᠲᠠ ᠶᠢᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ  ᠲᠣᠰᠢᠶᠠᠬᠤ   ᠪᠠᠷ ᠪᠡᠯᠡᠬᠡᠨ ᠪᠠᠶᠢᠨ᠎ᠠ  ᠃ http://mongol.people.com.cn/15824062.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ