ᠬᠦᠬᠡᠬᠤᠳᠠ ︽ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠤᠨ ᠪᠦᠬᠦ ᠲᠠᠯ᠎ᠠ ᠪᠠᠷ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠳᠠᠯᠠᠬᠤ︾ ᠬᠦᠮᠦᠵᠢᠬᠦᠯᠦᠨ ᠴᠡᠭᠴᠡᠯᠡᠬᠦ ᠲᠤᠷᠰᠢᠯᠳᠠ ᠶᠢᠨ ᠴᠡᠭ ᠤᠨ ᠠᠵᠢᠯ ᠢ ᠳᠠᠬᠢᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/9/16
     ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠢᠨᠡᠪᠢᠯᠢᠭ︶ ᠣᠶᠢᠷ᠎ᠠ ᠳᠤ᠂ ᠬᠥᠬᠡᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠣᠪᠴᠢᠶ᠎ᠠ ︽ᠤᠯᠤᠰ ᠲᠦᠷᠦ ᠪᠠᠷ ᠴᠠᠭᠳᠠᠭ᠎ᠠ ᠶᠢ ᠪᠠᠶᠢᠭᠤᠯᠤᠨ ᠪᠦᠬᠦ ᠲᠠᠯ᠎ᠠ ᠪᠠᠷ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠳᠠᠯᠠᠬᠤ︾ ᠬᠦᠮᠦᠵᠢᠬᠦᠯᠦᠨ ᠴᠡᠭᠴᠡᠯᠡᠬᠦ ᠲᠤᠷᠰᠢᠯᠳᠠ ᠶᠢᠨ ᠴᠡᠭ ᠤᠨ ᠠᠵᠢᠯ ᠢ ᠵᠤᠬᠢᠴᠠᠭᠤᠯᠬᠤ ᠬᠤᠷᠠᠯ ᠬᠢᠵᠦ᠂ ᠬᠦᠮᠦᠵᠢᠬᠦᠯᠦᠨ ᠴᠡᠭᠴᠡᠯᠡᠬᠦ ᠠᠯᠪᠠᠨ ᠭᠡᠷ ᠤᠨ 6 ᠲᠤᠰᠬᠠᠢ ᠠᠩᠬᠢ ᠪᠠ 3 ᠵᠢᠯᠤᠭᠤᠳᠬᠤ ᠲᠤᠭᠤᠢᠢᠯᠠᠩ ᠤᠨ ᠣᠶᠢᠷ᠎ᠠ ᠶᠢᠨ ᠬᠤᠭᠤᠴᠠᠭᠠᠨ ᠤ ᠠᠵᠢᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠤ᠂ ᠬᠦᠮᠦᠵᠢᠬᠦᠯᠦᠨ ᠴᠡᠭᠴᠡᠯᠡᠬᠦ ᠲᠤᠷᠰᠢᠯᠲᠠ ᠶᠢᠨ ᠴᠡᠭ ᠤᠨ ᠠᠵᠢᠯ ᠤᠨ ᠳᠠᠷᠠᠭᠠᠴᠢ ᠶᠢᠨ ᠲᠦᠯᠦᠪᠵᠢᠬᠦᠯᠬᠡ᠂ ᠭᠤᠣᠯᠳᠠᠯᠭ᠎ᠠ ᠲᠠᠢ ᠡᠭᠦᠷᠭᠡ ᠪᠠ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠡᠯ᠎ᠡ ᠱᠠᠳᠤᠨ ᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠦᠷᠬᠡᠨ ᠤᠯᠠᠨ ᠠᠷᠠᠳ ᠤᠨ ᠴᠠᠭᠳᠠᠭ᠎ᠠ᠂ ᠲᠤᠰᠠᠯᠠᠬᠴᠢ ᠴᠠᠭᠳᠠᠭ᠎ᠠ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠬᠦᠯᠦᠨ᠂ ᠬᠦᠮᠦᠵᠢᠬᠦᠯᠦᠨ ᠴᠡᠭᠴᠡᠯᠡᠬᠦ ᠠᠵᠢᠯ ᠢᠶᠠᠷ ᠠᠵᠠ ᠲᠤᠬᠢᠶᠠᠯ ᠪᠤᠯᠭᠠᠨ ︽ᠲᠦᠷᠪᠡᠨ ᠲᠡᠮᠦᠷ ᠮᠡᠳᠦ︾ ᠤᠷᠤᠨ ᠤ ᠲᠦᠪ ᠬᠤᠳᠠ ᠶᠢᠨ ᠲᠤᠳᠤᠭᠠᠳᠤ ᠶᠢ ᠬᠠᠮᠠᠭᠠᠯᠠᠬᠤ ᠡᠩᠨᠡᠭᠡ ᠶᠢ ᠪᠦᠬᠦ ᠬᠦᠴᠦᠨ ᠢᠶᠠᠷ ᠢᠶᠠᠨ ᠴᠤᠬᠴᠠᠯᠠᠬᠤ ᠬᠡᠷᠡᠭᠳᠡᠢ᠃ ᠪᠦᠬᠦ ᠴᠠᠭᠳᠠᠭ᠎ᠠ ᠨᠠᠷ ᠬᠦᠮᠦᠵᠢᠬᠦᠯᠦᠨ ᠴᠡᠭᠴᠡᠯᠡᠬᠦ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠲᠠᠭᠠᠵᠤ᠂ ᠭᠠᠷᠠᠭ ᠤᠨ ᠰᠡᠬᠦᠯᠴᠢ ᠶᠢᠨ ᠠᠮᠠᠷᠠᠯᠳᠠ ᠪᠠᠨ ᠦᠷᠡᠭᠳᠡᠭᠦᠯᠵᠦ᠂ ᠲᠡᠷᠢᠬᠦᠨ ᠤ ᠭᠠᠵᠠᠷ ᠤᠷᠤᠨ ᠤ ᠲᠤᠷᠰᠢᠯᠭ᠎ᠠ ᠶᠢ ᠬᠢᠨᠠᠮᠠᠭᠠᠢ ᠰᠤᠷᠤᠯᠴᠠᠨ ᠲᠤᠯᠢᠯᠠᠨ ᠠᠰᠢᠬᠯᠠᠵᠣ᠂ ︽ᠦᠷᠯᠦᠬᠡ ᠶᠢᠨ ᠪᠤᠯᠪᠠᠰᠤᠷᠠᠯ ᠤᠷᠤᠢ ᠶᠢᠨ ᠰᠤᠷᠤᠯᠴᠠᠯᠭ᠎ᠠ︾ ᠶᠢᠨ ᠠᠵᠢᠯᠯᠠᠭ᠎ᠠ ᠶᠢ ᠰᠠᠶᠢᠳᠤᠷ ᠦᠷᠨᠢᠬᠦᠯᠬᠦ ᠬᠡᠷᠡᠭᠳᠡᠢ᠃ ᠲᠤᠷᠤᠬᠰᠢ ᠲᠤᠮᠢᠯᠠᠬᠰᠠᠨ 3 ᠵᠢᠯᠤᠭᠤᠳᠬᠤ ᠲᠤᠭᠤᠢᠢᠯᠠᠩ ᠬᠦᠮᠦᠵᠢᠬᠦᠯᠦᠨ ᠴᠡᠭᠴᠡᠯᠡᠬᠦ ᠠᠵᠢᠯ ᠤᠨ ᠬᠦᠨ ᠬᠦᠨᠵᠡᠬᠡᠢ ᠠᠭᠤᠯᠤᠭᠳᠠᠬᠤᠨ ᠢ ᠪᠦᠬᠦ ᠲᠠᠯ᠎ᠠ ᠪᠠᠷ ᠤᠢᠢᠯᠠᠭᠠᠵᠤ᠂ ᠪᠦᠬᠦ ᠤᠷᠤᠨ ᠪᠠᠶᠢᠷᠢ ᠪᠠᠷ ᠦᠨᠳᠦᠰᠦᠨ ᠱᠠᠳᠤᠨ ᠤ ᠪᠠᠶᠢᠭᠤᠯᠭ᠎ᠠ ᠨᠢᠬᠡᠴᠢ ᠶᠢᠨ ᠬᠦᠮᠦᠵᠢᠬᠦᠯᠦᠨ ᠴᠡᠭᠴᠡᠯᠡᠬᠦ ᠠᠵᠢᠯ ᠢ ᠵᠢᠯᠤᠭᠤᠳᠬᠤ ᠬᠡᠷᠡᠭᠳᠡᠢ᠃ ᠬᠢᠨᠠᠨ ᠪᠠᠶᠢᠴᠠᠭᠠᠬᠤ᠂ ᠰᠠᠬᠢᠯᠭ᠎ᠠ ᠪᠠᠳᠤ ᠪᠠᠶᠢᠴᠠᠭᠠᠬᠤ ᠰᠠᠯᠠᠭ᠎ᠠ ᠮᠦᠴᠢᠷ ᠬᠠᠤᠯᠢ ᠰᠠᠬᠢᠯᠭ᠎ᠠ ᠠᠴᠠ ᠵᠦᠷᠢᠴᠡᠭᠰᠡᠨ ᠰᠦᠪᠡᠭᠴᠢ ᠶᠢ ᠬᠢᠨᠠᠮᠠᠭᠠᠢ ᠵᠤᠬᠢᠴᠠᠭᠤᠯᠤᠨ᠂ ᠵᠠᠰᠠᠭ ᠤᠨ ᠶᠠᠪᠤᠳᠠᠯ ᠢ ᠬᠢᠨᠠᠨ ᠪᠠᠶᠢᠴᠠᠭᠠᠬᠤ᠂ ᠴᠠᠬᠳᠠᠭᠠᠨ ᠤ ᠶᠠᠪᠤᠳᠠᠯ ᠢ ᠬᠢᠨᠠᠨ ᠪᠠᠶᠢᠴᠠᠭᠠᠬᠤ ᠵᠡᠷᠬᠡ ᠬᠡᠯᠪᠡᠷᠢ ᠶᠢ ᠬᠦᠢᠴᠡᠳ ᠠᠰᠢᠬᠯᠠᠨ᠂ ᠴᠠᠭᠳᠠᠭ᠎ᠠ ᠦᠯᠦ ᠲᠤᠮᠢᠯᠠᠬᠤ᠂ ᠣᠳᠠᠭᠠᠰᠢᠷᠠᠭᠤᠯᠣᠨ ᠴᠠᠭᠳᠠᠭ᠎ᠠ ᠲᠤᠮᠢᠯᠠᠬᠤ᠂ ᠠᠵᠢᠯ ᠦᠯᠦ ᠬᠢᠬᠦ ᠦᠵᠡᠭᠳᠡᠯ ᠢ ᠭᠤᠣᠯᠳᠠᠯᠭ᠎ᠠ ᠲᠠᠢ ᠲᠦᠪᠯᠡᠷᠡᠬᠦᠯᠦᠨ ᠵᠠᠰᠠᠬᠤ ᠬᠡᠷᠡᠭᠳᠡᠢ᠃ ᠤᠬᠠᠭᠤᠯᠭ᠎ᠠ ᠶᠢ ᠴᠢᠩᠭᠠᠳᠬᠠᠵᠤ᠂ ᠨᠡᠶᠢᠳᠡᠯᠢᠭ ᠵᠢᠱᠢᠶ᠎ᠡ ᠶᠢ ᠢᠯᠡᠷᠡᠬᠦᠯᠬᠦ ᠶᠢ ᠠᠩᠬᠠᠷᠤᠨ᠂ ᠲᠦᠪ ᠰᠤᠷᠲᠠᠯ ᠢ ᠪᠠᠳᠠᠷᠠᠭᠤᠯᠤᠨ᠂ ᠬᠦᠮᠦᠵᠢᠬᠦᠯᠦᠨ ᠴᠡᠭᠴᠡᠯᠡᠬᠦ ᠠᠵᠢᠯ ᠤᠨ ᠪᠤᠳᠠᠳᠣ ᠠᠮᠵᠢᠯᠳᠠ ᠤᠯᠬᠤ ᠶᠢ ᠠᠬᠢᠭᠤᠯᠬᠤ ᠬᠡᠷᠡᠭᠳᠡᠢ᠃ ᠬᠦᠮᠦᠵᠢᠬᠦᠯᠦᠨ ᠴᠡᠭᠴᠡᠯᠡᠬᠦ ᠠᠯᠪᠠᠨ ᠬᠡᠷ ᠬᠡᠷᠡᠭᠵᠢᠬᠦᠯᠬᠦ ᠲᠦᠰᠦᠯ ᠢ ᠴᠢᠨᠠᠬᠰᠢᠳᠠ ᠪᠦᠷᠢᠨᠰᠢᠬᠦᠯᠦᠨ᠂ ᠬᠠᠷᠠᠯᠳᠠ ᠡᠬᠦᠷᠬᠡ ᠪᠠᠨ ᠨᠠᠷᠢᠯᠢᠬᠵᠢᠭᠤᠯᠤᠨ᠂ ᠬᠦᠮᠦᠵᠢᠬᠦᠯᠦᠨ ᠴᠡᠭᠴᠡᠯᠡᠬᠦ ᠠᠵᠢᠯ ᠤᠨ ︽ᠬᠦᠬᠡᠬᠤᠳᠠ ᠶᠢᠨ ᠦᠯᠢᠬᠡᠷ ᠲᠠᠭᠤᠷᠢᠶᠠᠯ︾ ᠢ ᠴᠢᠷᠮᠠᠶᠢᠨ ᠴᠤᠬᠴᠠᠯᠠᠬᠤ ᠬᠡᠷᠡᠭᠳᠡᠢ ᠬᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号