ᠬᠤᠲᠠ ᠶᠢᠨ ᠤᠳᠤᠷᠢᠳᠤᠯᠭ᠎ᠠ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2020/9/16
ᠶᠦᠨ ᠵᠢᠶᠠᠨ ᠳ᠋ᠦᠩ ᠪᠦᠯᠬᠦᠮ ᠳᠠᠭᠠᠭᠤᠯᠪᠠ     ︵ᠰᠤᠷᠪᠤᠯᠵᠢᠯᠠᠭᠴᠢ ᠯᠢᠤᠢ ᠬᠤᠢ ᠱᠧᠩ︶ 9 ᠳ᠋ᠦ᠋ᠭᠡᠷ ᠰᠠᠷ᠎ᠠ ᠶᠢᠨ 15 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠦᠨ ᠵᠢᠶᠠᠨ ᠳ᠋ᠦᠩ ᠢᠦᠢ ᠴᠢᠣᠸᠠᠨ ᠲᠣᠭᠤᠷᠢᠭ ᠤᠨ ᠳᠠᠭᠠᠭᠠᠴᠢᠯᠠᠨ ᠬᠤᠯᠪᠣᠭᠠᠯᠠᠬᠤ ᠲᠣᠰᠬᠤᠨ ᠳᠤ ᠬᠦᠷᠴᠦ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠪᠠ᠃      ᠶᠦᠨ ᠵᠢᠶᠠᠨ ᠳ᠋ᠦᠩ ᠤᠷᠢᠳ ᠬᠤᠵᠢᠳ ᠢᠦᠢ ᠴᠢᠦᠸᠠᠨ ᠲᠣᠭᠤᠷᠢᠭ ᠤᠨ ᠭᠤᠭᠤᠳ ᠤᠨ ᠪᠠᠶᠢᠰᠢᠩ ᠲᠣᠰᠬᠤᠨ᠂ ᠬᠤᠶᠢᠲᠤ ᠪᠠ ᠯᠢ ᠵᠤᠸᠠᠩ ᠲᠣᠰᠬᠤᠨ ᠵᠢᠴᠢ ᠬᠤᠶᠠᠷ ᠲᠣᠰᠬᠤᠨ ᠤ ᠢᠯᠴᠢ ᠰᠣᠯᠢᠬᠤ ᠥᠷᠲᠡᠭᠡ ᠵᠡᠷᠭᠡ ᠭᠠᠵᠠᠷ ᠤᠳ ᠢᠶᠠᠷ ᠬᠦᠷᠴᠦ ᠲᠤᠬᠠᠢ ᠶᠢᠨ ᠭᠠᠵᠠᠷ ᠨᠢ ᠪᠠᠶᠢᠴᠠᠭᠠᠨ‌‍ᠰᠤᠳᠤᠯᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠳ ᠤᠨ ᠪᠠᠶᠢᠳᠠᠯ ᠢ ᠲᠠᠨᠢᠯᠴᠠᠭᠤᠯᠬᠤ ᠶᠢ ᠰᠣᠨᠣᠰᠴᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ᠂ ᠣᠨᠴᠠᠭᠠᠶᠢᠯᠠᠨ ᠲᠥᠪᠯᠡᠷᠡᠭᠦᠯᠦᠨ ᠢᠯᠴᠢ ᠬᠠᠩᠭᠠᠬᠤ ᠥᠭᠡᠷᠡᠴᠢᠯᠡᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠣᠶᠢᠯᠠᠭᠠᠭᠰᠠᠨ ᠪᠥᠭᠡᠳ ᠰᠠᠭᠤᠭᠠᠯᠢ ᠠᠷᠠᠳ ᠤᠨ ᠭᠡᠷ ᠲᠤ ᠣᠷᠣᠵᠤ ᠲᠡᠳᠡᠨ ᠤ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠳᠠᠬᠢ ᠰᠠᠨᠠᠯ ᠰᠠᠨᠠᠭᠤᠯᠭ᠎ᠠ ᠶᠢ ᠰᠣᠨᠣᠰᠪᠠ᠃     ᠶᠦᠨ ᠵᠢᠶᠠᠨ ᠳ᠋ᠦᠩ ᠵᠢᠭᠠᠬᠤ ᠳᠠᠭᠠᠨ᠂ ᠢᠦᠢ ᠴᠢᠣᠸᠠᠨ ᠲᠣᠭᠤᠷᠢᠭ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠬᠦᠯᠬᠦ ᠦᠨᠳᠦᠷᠴᠡ ᠳᠡᠭᠡᠷ᠎ᠡ ᠵᠣᠭᠰᠣᠵᠤ᠂ ᠦᠵᠡᠯᠲᠡ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ  ᠰᠡᠳᠬᠢᠯᠭᠡ ᠪᠠᠨ ᠴᠢᠩᠭᠠᠳᠬᠠᠵᠤ᠂ ᠣᠳᠣᠬᠠᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠦᠨᠳᠦ  ᠭᠡᠴᠡᠭᠦᠦ ᠪᠠᠶᠢᠳᠠᠯ ᠢ ᠭᠦᠢᠴᠡᠳ ᠲᠠᠨᠢᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠪᠣᠶᠢᠮ᠎ᠠ ᠠᠰᠠᠭᠤᠳᠠᠯ ᠢ ᠴᠢᠩᠭ᠎ᠠ ᠠᠳᠬᠤᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠢᠳᠡᠪᠬᠢᠲᠡᠢ ᠯᠠᠪᠳᠠᠭᠤᠨ ᠲᠣᠭᠲᠠᠭᠤᠨ ᠲᠦᠯᠬᠢᠨ ᠠᠬᠢᠭᠤᠯᠵᠤ᠂ ᠡᠯ᠎ᠡ ᠵᠦᠢᠯ ᠤᠨ ᠠᠵᠢᠯ ᠤᠨ ᠨᠠᠷᠢᠯᠢᠭ ᠪᠣᠳᠠᠲᠠᠢ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ ᠭᠡᠪᠡ᠃      ᠶᠦᠨ ᠵᠢᠶᠠᠨ ᠳ᠋ᠦᠩ ᠴᠢᠬᠤᠯᠠᠴᠢᠯᠠᠭᠰᠠᠨ ᠨᠢ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠨᠢ ᠣᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠵᠢᠯ ᠮᠥᠨ᠂ ᠮᠥᠨᠴᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠬᠦᠴᠢᠷ  ᠢ ᠵᠣᠷᠢᠭᠳᠠᠢ ᠲᠤᠭᠤᠯᠤᠨ᠂ ᠴᠠᠭ ᠤᠨ ᠭᠤᠭᠴᠤᠭ᠎ᠠ ᠶᠢ ᠴᠢᠩᠭ᠎ᠠ ᠡᠵᠡᠮᠰᠢᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠴᠡᠪᠡᠷ ᠡᠨᠧᠷᠭᠢ ᠪᠠᠷ ᠰᠣᠯᠢᠬᠤ ᠪᠠ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠠᠵᠢᠯ ᠢᠶᠠᠨ ᠰᠠᠶᠢᠬᠠᠨ ᠵᠣᠯᠭᠠᠭᠤᠯᠵᠤ᠂ ᠪᠠᠷᠢᠯᠭ᠎ᠠ ᠶᠢᠨ ᠠᠬᠢᠴᠠ ᠪᠠ ᠶᠠᠰᠤ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ ᠲᠤᠭ᠎ᠠ ᠪᠠᠷᠢᠮᠲᠠ ᠪᠦᠷᠢ ᠶᠢ ᠰᠠᠶᠢᠨ ᠨᠠᠶᠢᠳᠠᠪᠤᠷᠢᠵᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠴᠠᠭ ᠮᠥᠴᠡ ᠲᠠᠢ ᠤᠷᠤᠯᠳᠤᠨ᠂ ᠵᠢᠷᠤᠭ ᠡᠯᠭᠦᠨ  ᠪᠠᠶᠢᠯᠳᠤᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠢ ᠪᠦᠬᠦ  ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠲᠥᠪ ᠬᠤᠲᠠ ᠶᠢᠨ ᠬᠥᠬᠡ ᠣᠭᠲᠠᠷᠭᠤᠢ ᠪᠠᠨ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠲᠤᠭᠤᠰᠢᠲᠠᠢ ᠣᠯᠬᠤ ᠬᠡᠷᠡᠭᠲᠡᠢ ᠭᠡᠪᠡ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠵᠠᠩ ᠰᠢᠶᠥᠥ ᠹᠠᠨ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠣᠭᠤᠳᠬᠤ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号