ᠬᠥᠬᠡᠬᠤᠲᠠ ᠣᠯᠠᠨ ᠠᠷᠭ᠎ᠠ ᠬᠡᠮᠵᠢᠶ᠎ᠡ ᠠᠪᠴᠤ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠤ ᠶᠠᠳᠠᠭᠤ ᠠᠴᠠ ᠠᠩᠭᠢᠵᠢᠷᠠᠵᠦ ᠪᠠᠶᠠᠵᠢᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020/9/16
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠱᠠ ᠱᠠ︶ ᠬᠥᠬᠡᠬᠤᠲᠠ ᠦᠨᠳᠦᠰᠦᠲᠡᠨ ᠤ ᠠᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠨᠢᠭᠲᠠ ᠤᠶᠠᠯᠳᠤᠭᠤᠯᠵᠤ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠲᠥᠷᠥᠯ ᠵᠣᠶᠢᠯ ᠤᠨ ᠳᠠᠶᠢᠴᠢᠯᠠᠬᠤ ᠪᠠ ᠲᠡᠮᠵᠢᠬᠦ ᠣᠶᠢᠯᠡᠳᠣᠯ ᠢ ᠢᠳᠡᠪᠬᠢᠲᠡᠶ ᠪᠠᠷ ᠠᠰᠢᠭᠯᠠᠭᠰᠠᠭᠠᠷ ᠢᠷᠡᠵᠠᠢ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢᠨ ᠲᠥᠷᠥᠯ ᠵᠦᠢᠯ ᠤᠨ ᠡᠯ᠎ᠡ ᠵᠦᠢᠯ ᠤᠨ  ᠬᠠᠮᠢᠶᠠᠷᠣᠯᠳᠠ ᠶᠢᠨ ᠳᠦᠷᠢᠮ ᠢ ᠲᠡᠭᠦᠯᠳᠡᠷᠵᠢᠭᠦᠯᠦᠨ᠂ ᠬᠠᠷᠢᠭᠤᠴᠠᠯᠭ᠎ᠠ᠂ ᠡᠷᠬᠡ᠂ ᠪᠠᠯᠠ ᠮᠥᠩᠭᠦ᠂ ᠡᠭᠦᠷᠭᠡ ︽ᠳᠥᠷᠪᠡ ᠶᠢ ᠬᠤᠰᠢᠭᠤ ᠰᠢᠶᠠᠨ ᠳᠤ ᠬᠦᠷᠭᠡᠬᠦ︾ ᠲᠦᠷᠢᠮ ᠢ ᠨᠠᠶᠢᠳᠠᠪᠤᠷᠢᠵᠢᠭᠤᠯᠵᠤ᠂ ᠲᠥᠷᠥᠯ ᠵᠣᠶᠢᠯ ᠤᠨ ᠬᠥᠮᠥᠷᠭᠡ ᠶᠢᠨ ᠬᠠᠮᠢᠶᠠᠷᠤᠯᠲᠠ ᠶᠢᠨ ᠰᠢᠰᠲ᠋ᠧᠮ‌‍ᠤᠨ  ᠪᠠᠶᠢᠭᠤᠯᠣᠯᠳᠠ᠂ ᠵᠠᠷᠯᠠᠨ ᠨᠡᠶᠢᠲᠡᠯᠡᠬᠦ ᠲᠦᠷᠢᠮ᠂ ᠬᠢᠨᠠᠯᠲᠠ ᠲᠠᠯᠪᠢᠵᠤ ᠪᠠᠶᠢᠴᠠᠭᠠᠬᠤ ᠲᠦᠷᠢᠮ ᠵᠡᠷᠭᠡ ᠶᠢ ᠲᠠᠰᠤᠷᠠᠯᠲᠠ  ᠦᠬᠡᠢ  ᠴᠢᠩᠭᠠᠳᠬᠠᠵᠣ᠂ ᠪᠡᠯᠡ ᠮᠥᠩᠭᠦ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠳᠦᠷᠢᠮ ᠶᠣᠰᠣᠭᠠᠷ᠂  ᠭᠦᠢᠴᠡᠳᠭᠡᠬᠦ ᠶᠢ ᠭᠤᠶᠤᠴᠢᠯᠠᠨ ᠮᠡᠳᠡᠭᠦᠯᠵᠦ ᠳᠠᠩᠰᠠᠯᠠᠭᠤᠯᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠡᠭᠦᠨ ᠤ ᠬᠠᠮᠲᠤ᠂ ᠳᠠᠩᠰᠠ ᠮᠡᠳᠡᠭᠦᠯᠬᠦ ᠳᠦᠷᠢᠮ ᠢᠶᠠᠷ ᠳ᠋ᠦᠩᠨᠡᠨ ᠪᠣᠳᠣᠬᠤ ᠠᠷᠭ᠎ᠠ ᠮᠠᠶ᠋ᠢᠭ ᠪᠣᠯᠤᠨ ᠡᠳ᠋ ᠤᠨ ᠵᠠᠰᠠᠭ ᠤᠨ ᠠᠮᠵᠢᠯᠲᠠ ᠪᠦᠲᠦᠮᠵᠢ ᠶᠢ ᠦᠨᠡᠯᠡᠬᠦ ᠳᠦᠷᠢᠮ ᠢ ᠬᠡᠷᠡᠭᠵᠢᠭᠦᠯᠵᠦ᠂ ᠠᠵᠢᠯᠲᠠᠨ ᠤ ᠪᠣᠯᠪᠠᠰᠤᠷᠠᠯ ᠪᠣᠯᠤᠨ ᠬᠢᠨᠠᠯᠲᠠ ᠪᠠᠶᠢᠴᠠᠭᠠᠯᠲᠠ ᠶᠢᠨ ᠠᠵᠢᠯ ᠢ ᠴᠢᠩᠭᠠᠳᠬᠠᠵᠣ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠰᠠᠶᠢᠲᠤᠷ ᠬᠠᠮᠢᠶᠠᠷᠴᠤ ᠰᠠᠶᠢᠲᠤᠷ  ᠬᠡᠷᠡᠭᠯᠡᠬᠦ ᠳᠤ ᠰᠠᠭᠤᠷᠢ ᠲᠠᠯᠪᠢᠵᠤ ᠥᠭᠪᠡ᠃      ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠤ ᠠᠵᠤ ᠠᠬᠤᠶ  ᠨᠡᠶᠢᠬᠡᠮ ᠤᠨ ᠬᠥᠭᠵᠢᠯᠲᠡ ᠶᠢ ᠪᠠᠲᠤᠯᠠᠬᠤ ᠶᠢᠨ ᠲᠤᠰᠠᠳᠠ᠂ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠴᠥᠭᠡᠨ ᠲᠣᠭᠠᠲᠤ ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠲᠦᠯᠬᠢᠨ ᠠᠬᠢᠭᠤᠯᠬᠤ ᠳᠤ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠪᠠᠷ ᠭᠤᠤᠯ ᠪᠣᠯᠭᠠᠨ᠎ᠠ᠃ 2019 ᠣᠨ ᠠᠴᠠ ᠨᠠᠰᠢ᠂ ᠬᠥᠬᠡᠬᠤᠲᠠ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ ᠶᠢ 2460 ᠲᠦᠮᠡᠨ ᠲᠥᠭᠦᠷᠢᠭ ᠴᠢᠷᠮᠠᠶᠢᠨ ᠣᠯᠵᠤ᠂ ᠬᠤᠲᠠ ᠶᠢᠨ ᠲᠤᠰ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ 863.6 ᠲᠦᠮᠡᠨ ᠲᠥᠭᠦᠷᠢᠭ ᠣᠷᠣᠭᠤᠯᠵᠠᠶ᠃ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠰᠬᠤᠨ ᠤ ᠰᠠᠭᠤᠷᠢ ᠪᠡᠯᠡᠳᠬᠡᠮᠵᠢ᠂ ᠣᠶᠢᠯᠡᠳᠪᠣᠷᠢᠯᠡᠯ ᠤᠨ ᠬᠥᠭᠵᠢᠯᠲᠡ᠂ ᠣᠨᠴᠠᠯᠢᠭᠲᠤ ᠲᠣᠰᠬᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠵᠢᠱᠢᠶ᠎ᠡ ᠦᠵᠡᠭᠦᠯᠬᠦ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠲᠣᠭᠤᠷᠢᠨ ᠳᠤ ᠪᠣᠭᠤᠮᠲᠠ ᠰᠢᠪᠲᠤᠯᠵᠤ ᠶᠠᠳᠠᠭᠤ ᠶᠢ ᠲᠡᠳᠬᠦᠬᠦ ᠠᠵᠢᠯ ᠢ ᠪᠦᠬᠦ ᠲᠠᠯ᠎ᠠ ᠪᠠᠷ ᠥᠷᠨᠢᠭᠦᠯᠪᠡ᠃      ᠴᠥᠭᠡᠨ ᠲᠣᠭᠠᠲᠤ ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶ᠎ᠡ ᠦᠵᠡᠭᠦᠯᠬᠦ ᠲᠣᠰᠬᠤᠨ ᠢ ᠴᠢᠷᠮᠠᠶᠢᠨ ᠪᠠᠶᠢᠭᠤᠯᠵᠤ᠂ 45 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠢᠭᠡᠳᠦᠭᠡᠷ ᠠᠵᠤ ᠦᠢᠯᠡᠰ ᠢ ᠨᠠᠷᠢᠯᠢᠭᠵᠢᠭᠤᠯᠬᠤ ᠶᠢᠨ ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠶᠢᠨ ᠣᠶᠢᠯᠡᠳᠪᠣᠷᠢᠯᠡᠯ ᠤᠨ ᠪᠠᠷᠢᠮᠵᠢᠶᠠᠵᠢᠭᠤᠯᠤᠯᠲᠠ᠂ ᠬᠡᠪᠴᠢᠶᠡᠵᠢᠯᠲᠡ ᠶᠢ ᠠᠬᠢᠭᠤᠯᠵᠤ᠂ ᠲᠦᠮᠡᠳ ᠵᠡᠭᠦᠨ ᠬᠤᠰᠢᠭᠤᠨ ᠤ ᠴᠠᠭᠠᠰᠤᠴᠢ ᠪᠠᠯᠭᠠᠰᠤᠨ ᠤ ᠸᠠᠩ ᠴᠢ ᠲᠣᠰᠬᠤᠨ᠂ ᠲᠣᠭᠲᠠᠬᠤ ᠰᠢᠶᠠᠨ ᠤ ᠾᠧ ᠺᠸᠤ ᠶᠢᠨ ᠬᠠᠮᠢᠶᠠᠷᠣᠯᠳᠠ ᠶᠢᠨ ᠵᠥᠪᠯᠡᠯ ᠤᠨ ᠵᠠᠩ ᠭᠠᠢ ᠶᠢᠩ ᠲᠣᠰᠬᠤᠨ᠂ ᠦᠴᠤᠸᠠᠨ ᠰᠢᠶᠠᠨ ᠤ ᠤᠯᠠᠭᠠᠨ  ᠪᠣᠯᠣᠩ ᠪᠠᠯᠭᠠᠰᠤᠨ ᠤ ᠬᠤᠩ ᠱᠠᠨ ᠽᠢ ᠲᠣᠰᠬᠤᠨ ᠵᠡᠷᠭᠡ 9 ᠴᠥᠭᠡᠨ ᠲᠣᠭᠠᠲᠤ ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ  ᠰᠢᠪᠳᠣᠯᠬᠤ  ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ ᠪᠦᠬᠦ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠳᠡᠭᠡᠭᠰᠢᠯᠡᠯᠲᠡ ᠳᠤ ᠦᠨᠡᠨ ᠪᠣᠳᠠᠳᠠᠢ ᠯᠤᠲᠤ ᠶᠡᠭᠡ ᠬᠤᠪᠢᠷᠠᠯᠲᠠ ᠶᠢ ᠠᠪᠴᠢᠷᠠᠭᠰᠠᠨ ᠪᠠᠶᠢᠨ᠎ᠠ᠃      ᠡᠭᠦᠨ ᠤ ᠳᠤ ᠬᠠᠮᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠪᠠ ᠵᠢᠱᠢᠶᠡᠴᠢ ᠬᠠᠮᠲᠤ  ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ᠂ ᠶᠠᠪᠤᠯᠴᠠᠭ᠎ᠠ᠂ ᠠᠭᠤᠰᠤᠯᠴᠠᠯ ᠢ ᠴᠢᠩᠭᠠᠳᠬᠠᠵᠤ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠦᠨᠳᠦᠰᠦᠲᠡᠨ ᠤ ᠪᠦᠯᠬᠦᠮᠳᠡᠯ ᠤᠨ ᠬᠤᠣᠰ ᠠᠬᠢᠭᠤᠯᠣᠯᠳᠠ ᠶᠢ ᠪᠡᠶᠡᠯᠡᠭᠦᠯᠪᠡ᠃ ᠬᠤᠰᠢᠭᠤ ᠰᠢᠶᠠᠨ ᠲᠣᠭᠤᠷᠢᠭ ᠤᠨ ᠡᠯ᠎ᠡ ᠵᠦᠢᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠢᠳᠠᠪᠤᠷᠢᠵᠢᠭᠤᠯᠬᠤ᠂ ᠡᠯ᠎ᠡ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠳᠤ ᠥᠷᠭᠡᠨ ᠢᠶᠠᠷ ᠠᠰᠢᠭ ᠬᠦᠷᠲᠡᠭᠡᠵᠦ᠂ ᠴᠥᠭᠡᠨ ᠲᠣᠭᠠᠲᠤ ᠦᠨᠳᠦᠰᠦᠲᠡᠨ  ᠤ ᠲᠥᠪᠯᠡᠷᠡᠨ ᠰᠠᠭᠤᠷᠢᠰᠢᠭᠰᠠᠨ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠠᠯᠬᠤᠴᠠ   ᠶᠢ   ᠲᠦᠷᠬᠡᠳᠬᠡᠵᠣ᠂ ᠬᠦᠬᠡᠬᠠᠳᠠ ᠶᠢᠨ ᠴᠥᠭᠡᠨ ᠲᠣᠭᠠᠲᠤ ᠦᠨᠳᠦᠰᠦᠲᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠠᠵᠢᠯ ᠰᠢᠨ᠎ᠡ ᠶᠢ ᠡᠭᠦᠳᠬᠦ ᠴᠢᠨᠠᠷᠲᠠᠢ ᠠᠬᠢᠭᠤᠯᠤᠯ ᠪᠠ ᠳᠠᠪᠠᠯᠳᠠᠳᠤ ᠮᠠᠶ᠋ᠢᠭ ᠤᠨ ᠬᠥᠭᠵᠢᠯᠲᠡ ᠲᠠᠢ ᠪᠣᠯᠪᠠ᠃http://mongol.people.com.cn/15824159.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号