ᠬᠥᠬᠡᠬᠤᠲᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠬᠤ ᠬᠥᠮᠦᠰ ᠤᠨ ᠬᠢᠷᠢ ᠬᠡᠮ ᠤᠨ ᠬᠡᠷᠡᠴᠢᠯᠡᠯ ᠳᠤ ᠳᠥᠭᠦᠮ ᠳᠥᠲᠡ ᠣᠶᠢᠯᠡᠴᠢᠯᠡᠭᠡ ᠬᠠᠩᠭᠠᠪᠠ
ᠨᠡᠶᠢᠲᠡᠯᠡᠭᠰᠡᠨ ᠴᠠᠭ᠄
2020/9/16
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ᠰᠤᠷᠪᠤᠯᠵᠢᠯᠠᠭᠴᠢ ᠣᠶᠢᠷ᠎ᠠ ᠳᠤ ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠣᠶᠢᠯᠠᠭᠠᠭᠰᠠᠨ ᠢᠶᠠᠷ᠂ ᠵᠥᠪ ᠣᠨᠣᠪᠴᠢᠲᠠᠶ ᠪᠦᠷᠢᠨ ᠪᠦᠲᠦᠨ ᠨᠡᠶᠢᠭᠡᠮ ᠤᠨ ᠳᠠᠭᠠᠳᠬᠠᠯ ᠤᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ  ᠪᠠᠶᠢᠭᠤᠯᠬᠤ ᠪᠠ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠠᠭᠤᠷᠮᠠᠭᠯᠠᠨ ᠠᠪᠬᠤ ᠦᠵᠡᠭᠳᠡᠯ ᠢ ᠤᠷᠢᠳᠴᠢᠯᠠᠨ ᠰᠡᠷᠬᠡᠶᠢᠯᠡᠬᠦ  ᠶᠢᠨ ᠲᠥᠯᠥᠭᠡ᠂ ᠬᠥᠬᠡᠬᠤᠲᠠ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠪᠠ ᠨᠠᠰᠤ ᠨᠥᠭᠴᠢᠭᠰᠡᠳ ᠤᠨ ᠭᠡᠷ ᠪᠦᠯᠢ ᠶᠢᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠬᠤ ᠬᠢᠷᠢ ᠬᠡᠮ ᠢ ᠭᠡᠷᠡᠴᠢᠯᠡᠬᠦ ᠠᠵᠢᠯ ᠢ ᠨᠠᠷᠢᠨ ᠬᠢᠨᠠᠮᠠᠭᠠᠢ  ᠦᠷᠨᠢᠬᠦᠯᠵᠤ᠂ ᠣᠯᠭᠤᠮᠵᠢ ᠠᠪᠬᠤ ᠥᠷᠭᠡᠨ ᠣᠯᠠᠨ ᠬᠥᠮᠦᠰ ᠲᠤ ᠨᠠᠩ ᠳᠥᠭᠦᠮ ᠳᠥᠲᠡ ᠣᠶᠢᠯᠡᠴᠢᠯᠡᠭᠡ  ᠬᠠᠩᠭᠠᠵᠠᠢ᠃    ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠬᠥᠬᠡᠬᠤᠲᠠ ᠶᠢᠨ ᠨᠡᠶᠢᠭᠡᠮ ᠤᠨ ᠳᠠᠭᠠᠳᠬᠠᠯ ᠤᠨ ᠪᠠᠯᠠ ᠮᠥᠩᠭᠦ ᠶᠢᠨ ᠬᠠᠮᠢᠶᠠᠷᠤᠯᠲᠠ ᠶᠢᠨ ᠲᠥᠪ ᠨᠢ ᠬᠢᠵᠢᠭ ᠢ ᠰᠡᠷᠭᠡᠶᠢᠯᠡᠨ ᠬᠤᠷᠢᠭᠯᠠᠵᠤ᠂ ᠨᠡᠶᠢᠭᠡᠮ ᠤᠨ ᠳᠠᠭᠠᠳᠬᠠᠯ ᠢᠶᠠᠷ ᠶᠠᠳᠠᠭᠤ ᠶᠢ ᠲᠡᠳᠬᠦᠨ᠂  ᠪᠡᠷᠬᠡ ᠰᠡᠳᠦᠪ ᠢ ᠰᠢᠢᠳᠪᠣᠷᠢᠯᠡᠵᠤ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠡᠳᠦᠷ ᠲᠤᠲᠤᠮ ᠤᠨ ᠲᠤᠬᠠᠶᠢᠯᠠᠭᠰᠠᠨ ᠠᠵᠢᠯ  ᠢ ᠭᠠᠷᠲᠠᠨ ᠭᠦᠢᠴᠡᠳᠭᠡᠬᠦ ᠶᠢ ᠰᠠᠶᠢᠲᠤᠷ ᠠᠳᠬᠤᠬᠤ ᠶᠢᠨ ᠬᠠᠮᠲᠤ᠂ 2020 ᠣᠨ ᠤ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠥᠮᠦᠰ ᠪᠠ  ᠨᠠᠰᠤ ᠨᠥᠭᠴᠢᠭᠰᠡᠳ ᠤᠨ ᠬᠡᠷ ᠪᠦᠯᠢ ᠶᠢᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠬᠤ ᠣᠨ ᠤ ᠬᠢᠷᠢ ᠬᠡᠮ ᠢ ᠭᠡᠷᠡᠴᠢᠯᠡᠬᠦ ᠠᠵᠢᠯ ᠢ ᠪᠥᠬᠦ ᠲᠠᠯ᠎ᠠ ᠪᠠᠷ  ᠰᠢᠰᠲ᠋ᠧᠮ ᠲᠠᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠭᠤᠣᠯ ᠠᠷᠭ᠎ᠠ ᠬᠡᠮᠵᠢᠶ᠎ᠡ ᠳᠤ᠄ 2020 ᠣᠨ   ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠣᠯᠭᠤᠮᠵᠢ ᠠᠪᠬᠤ  ᠬᠢᠷᠢ ᠬᠡᠮ ᠢ ᠭᠡᠷᠡᠴᠢᠯᠡᠬᠦ ᠠᠵᠢᠯ ᠤᠨ ᠲᠥᠰᠦᠯ ᠢ ᠲᠣᠭᠲᠠᠭᠠᠵᠤ᠂ ᠪᠠᠰᠠ 7 ᠠᠵᠢᠯᠯᠠᠬᠤ ᠳᠤᠭᠤᠶᠢᠯᠠᠩ ᠪᠠᠶᠢᠭᠤᠯᠪᠠ︔ ᠲᠤᠰ ᠭᠠᠵᠠᠷ ᠤᠨ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠳᠠᠭᠠᠳᠬᠠᠯ᠂ ᠰᠢᠭᠦᠬᠦ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠬᠤ ᠪᠠᠷ ᠳᠠᠮᠵᠢᠨ᠂ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠬᠠᠷᠭᠤᠭᠤᠯᠤᠨ ᠬᠠᠷᠢᠴᠠᠭᠤᠯᠬᠤ ᠠᠵᠢᠯ ᠢ ᠢᠳᠡᠪᠬᠢᠲᠡᠶ ᠦᠷᠨᠢᠬᠦᠯᠪᠡ︔ ︽ᠥᠪᠥᠷ ᠮᠣᠩᠭᠤᠯ 12333︾ ᠭᠠᠷ ᠤᠲᠠᠰᠤᠨ ᠤ App ᠶᠢ ᠭᠡᠷ ᠲᠡᠭᠡᠨ ᠥᠪᠡᠷ ᠢᠶᠠᠷ ᠪᠡᠶᠡᠯᠡᠬᠦᠯᠵᠤ ᠲᠡᠶᠢᠯᠬᠦ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠭᠦᠨ ᠤ ᠬᠠᠮᠲᠤ ᠬᠤᠲᠠ ᠶᠢᠨ ᠳᠥᠷᠪᠡᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠣᠶᠢᠯᠡᠴᠢᠯᠡᠭᠡᠨ ᠤ ᠲᠠᠩᠬᠢᠮ ᠳᠤ  ᠪᠠᠰᠠ ᠬᠥᠮᠦᠨ ᠤ ᠵᠢᠰᠤ ᠶᠢ ᠰᠢᠷᠪᠢᠨ ᠲᠠᠨᠢᠵᠦ ᠲᠡᠶᠢᠯᠬᠦ‍ ᠨᠢᠭᠡ ᠴᠤᠭᠴᠠᠳᠤ ᠮᠠᠰᠢᠨ ᠤᠭᠰᠠᠷᠠᠵᠦ᠂ ᠣᠶᠢᠷ᠎ᠠ ᠬᠠᠪᠢ  ᠳᠤ  ᠪᠠᠰᠠ ᠭᠡᠷᠡᠴᠢᠯᠡᠯ ᠤᠨ  ᠣᠶᠢᠯᠡᠴᠢᠯᠡᠭᠡ  ᠬᠠᠩᠭᠠᠬᠰᠠᠨ ᠪᠠᠶᠢᠨ᠎ᠠ︔ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮ ᠢ ᠭᠡᠷᠡᠴᠢᠯᠡᠬᠦ  ᠣᠶᠢᠯᠡᠴᠢᠯᠡᠭᠡᠨ ᠤ ᠵᠦᠭᠯᠡᠭᠦᠷ ᠢ ᠲᠠᠷᠣᠮᠠᠯᠯᠠᠨ ᠲᠠᠷᠬᠠᠭᠠᠵᠤ᠂ ᠰᠣᠨᠢᠨ ᠮᠡᠳᠡᠭᠡᠨ ᠤ ᠵᠠᠭᠤᠴᠢᠯᠠᠭᠤᠷ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ  ᠵᠡᠷᠭᠡ  ᠪᠠᠷ ᠳᠠᠮᠵᠢᠭᠤᠯᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ᠂ ᠲᠠᠰ ᠳᠠᠷᠠᠭᠠᠯᠠᠯ ᠠᠯᠬᠤᠮ ᠳᠠᠷᠠᠭ᠎ᠠ ᠶᠢ ᠤᠬᠠᠭᠤᠯᠤᠨ  ᠲᠠᠶᠢᠯᠪᠣᠷᠢᠯᠠᠪᠠ︔ ᠳᠣᠲᠣᠨᠣ ᠦᠢᠯᠡᠴᠢᠯᠡᠭᠡ ᠬᠠᠩᠭᠠᠵᠤ᠂ ᠥᠨᠳᠥᠷ ᠨᠠᠰᠤᠲᠠᠶ ᠨᠠᠰᠤᠲᠠᠨ᠂ ᠡᠪᠡᠳᠴᠢᠨ ᠲᠠᠢ ᠵᠡᠮᠳᠡᠭ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠠᠵᠢᠯ ᠠᠴᠠ ᠪᠠᠨ‌ᠠᠮᠠᠷᠠᠭᠰᠠᠳ ᠨᠢ ᠠᠵᠢᠯᠲᠠᠨ ᠢ ᠤᠷᠢᠳᠴᠢᠯᠠᠨ ᠪᠣᠯᠵᠣᠵᠤ ᠬᠡᠷ  ᠲᠡᠭᠡᠨ ᠢᠷᠡᠭᠦᠯᠵᠦ ᠭᠡᠷᠡᠴᠢᠯᠡᠬᠦ  ᠣᠶᠢᠯᠡᠴᠢᠯᠡᠭᠡ  ᠬᠠᠩᠭᠠᠯᠭᠠᠵᠦ ᠪᠣᠯᠬᠤ ᠪᠦᠬᠡᠳ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠭᠠᠳᠠᠷ ᠮᠤᠵᠢ ᠬᠤᠲᠠ ᠂ ᠣᠨᠳᠣᠤ ᠭᠠᠵᠠᠷ ᠲᠤ ᠰᠠᠭᠤᠵᠤ ᠪᠠᠶᠢᠭ᠎ᠠ ᠬᠥᠮᠦᠰ ᠲᠤ ᠭᠠᠷ ᠤᠲᠠᠰᠤᠨ ᠤ App ᠶᠢᠨ ᠥᠪᠡᠰᠦᠪᠡᠨ ᠬᠠᠩᠭᠠᠵᠠᠢ᠃http://mongol.people.com.cn/15824156.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号