ᠲᠣᠭᠲᠠᠬᠤ ᠰᠢᠶᠠᠨ ᠦᠵᠦᠮ ᠤᠨ ᠦᠢᠯᠡᠰ ᠢᠶᠠᠷ ᠪᠠᠶᠠᠵᠢᠯ ᠢ ᠳᠠᠶᠢᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2020/9/16
      ᠬᠦᠭᠡᠬᠤᠳᠠ ᠶᠢᠨ ᠲᠤᠬᠳᠠᠬᠤ ᠰᠢᠶᠠᠨ ᠤ ᠭᠤᠤᠯ ᠤᠨ ᠠᠮᠠ ᠬᠠᠮᠢᠶᠠᠷᠤᠯᠳᠠ ᠶᠢᠨ ᠵᠦᠪᠯᠡᠯ ᠤᠨ ᠦᠵᠤᠮ ᠲᠠᠷᠢᠬᠤ ᠵᠠᠳᠠᠭᠠᠢ ᠰᠠᠭᠤᠷᠢᠨ ᠤ ᠡᠨᠡ ᠵᠢᠯ ᠤᠨ ᠲᠠᠷᠢᠮᠠᠯ ᠤᠨ ᠲᠠᠯᠠᠪᠠᠢ ᠨᠢ ᠭᠤᠤᠯᠳᠠᠭᠤ ᠲᠤᠬᠳᠠᠬᠤ ᠰᠢᠶᠠᠨ ᠤ ᠦᠵᠦᠮ᠂ ᠰᠠᠷᠭᠠᠢ ᠠᠮᠳᠠᠳᠤ ᠦᠵᠤᠮ ᠵᠡᠷᠭᠡ 30 ᠭᠠᠷᠤᠢ ᠡᠬᠦᠯᠳᠡᠷ ᠢ ᠪᠠᠭᠳᠠᠭᠠᠨ 4273 ᠰᠢᠬᠠᠮ ᠮᠤᠳᠤ ᠬᠦᠷᠴᠠᠢ᠃      ᠲᠤᠰ ᠰᠢᠶᠠᠨ ᠦᠵᠦᠮ ᠤᠨ ᠠᠷᠢᠬᠢ ᠨᠡᠷᠡᠬᠦ ᠪᠠ ᠦᠵᠦᠮ ᠤᠨ ᠤᠨᠴᠠᠯᠢᠬᠳᠤ ᠡᠷᠡᠬᠦᠯ ᠮᠠᠨᠳᠤ ᠶᠢᠨ ᠦᠢᠯᠡᠳᠬᠦᠨ ᠢ ᠡᠳ᠋ᠰᠢᠬᠦᠯᠤᠨ ᠪᠤᠯᠪᠠᠰᠤᠷᠠᠭᠤᠯᠬᠤ ᠦᠢᠯᠡᠰ ᠢᠶᠠᠷ ᠬᠦᠳᠤᠯᠤᠨ ᠲᠠᠭᠠᠭᠤᠯᠵᠤ ᠦᠵᠦᠮ ᠤᠨ ᠰᠠᠭᠤᠷᠢᠨ ᠤ ᠰᠠᠯᠡᠬᠦᠴᠠᠨ ᠲᠤᠭᠤᠷᠢᠬᠤ ᠵᠡᠷᠭᠡ ᠦᠢᠯᠡᠴᠢᠯᠡᠭᠡᠨ ᠤ ᠦᠢᠯᠡᠰ ᠢᠶᠠᠷ ᠲᠤᠯᠭᠠᠭᠤᠷᠢᠯᠠᠬᠰᠡᠨ ᠦᠵᠦᠮ ᠤᠨ ᠠᠵᠤ ᠦᠢᠯᠡᠰ ᠤᠨ ᠰᠢᠰᠲ᠋ᠧᠮ ᠢ ᠪᠦᠷᠢᠯᠳᠦᠬᠦᠯᠵᠤ᠂ ᠠᠷᠠᠳ ᠢ ᠪᠠᠶᠠᠵᠢᠭᠤᠯᠵᠤ ᠰᠢᠶᠠᠨ ᠢᠶᠠᠨ ᠬᠦᠴᠦᠷᠭᠡᠭᠵᠢᠬᠦᠯᠤᠨ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠶᠢᠨ ᠲᠦᠯᠦᠭᠡ ᠤᠨᠴᠠᠯᠢᠬᠳᠤ ᠰᠢᠨ᠎ᠡ ᠵᠠᠮ ᠢ ᠬᠠᠶᠢᠨ ᠰᠦᠪᠡᠭᠴᠢᠯᠡᠨ ᠵᠠᠮᠨᠠᠵᠤ ᠪᠠᠶᠢᠨ᠎ᠠ᠃ ᠵᠢᠷᠤᠭ ᠪᠤᠯ ᠲᠤᠰ ᠰᠢᠶᠠᠨ ᠤ ᠫᠦᠶᠤᠸᠠᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠳᠦᠭᠡᠭᠳᠡᠬᠦᠨ ᠢ ᠡᠳ᠋ᠰᠢᠬᠦᠯᠤᠨ ᠪᠤᠯᠪᠠᠰᠤᠷᠠᠭᠤᠯᠬᠤ ᠲᠤᠰᠬᠠᠢ ᠬᠤᠷᠰᠢᠶ᠎ᠠ ᠶᠢᠨ ᠲᠠᠷᠢᠮᠠᠯ ᠤᠨ ᠰᠠᠭᠤᠷᠢᠨ ᠳᠤ ᠠᠵᠢᠯᠳᠠᠳ ᠦᠵᠤᠮ ᠲᠡᠬᠦᠵᠤ ᠪᠠᠶᠢᠭ᠎ᠠ ᠨᠢ᠃ᠰᠤᠷᠪᠤᠯᠵᠢᠯᠠᠬᠴᠢ ᠮᠦᠡᠭᠭᠡᠴᠢᠯᠠᠭᠤ ᠰᠡᠭᠦᠳᠡᠷᠯᠡᠪᠡ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号