ᠾᠧ ᠬᠠᠢ ᠳ᠋ᠦᠩ ᠣᠷᠣᠯᠴᠠᠪᠠ | ︵ᠰᠤᠷᠪᠤᠯᠵᠢᠯᠠᠭᠴᠢ ᠯᠢᠶᠠᠩ ᠵᠢᠩ ᠱᠤ᠋︶ 9 ᠳ᠋ᠦ᠋ᠭᠡᠷ ᠰᠠᠷ᠎ᠠ ᠶᠢᠨ 15 ᠤ ᠡᠳᠦᠷ᠂ ᠬᠥᠬᠡᠬᠤᠲᠠ ᠶᠢᠨ ᠨᠠᠮ ᠤᠨ | ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ | ᠲᠠᠪᠤᠳᠤᠭᠠᠷ ᠤᠳᠠᠭ᠎ᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ | ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ | ᠬᠤᠲᠠ ᠶᠢᠨ ᠳᠡᠳ᠋ ᠳᠠᠷᠤᠭ᠎ᠠ ᠶᠦᠨ ᠰᠢᠨ ᠮᠢᠩ ᠬᠤᠷᠠᠯ ᠳᠤ ᠣᠷᠣᠯᠴᠠᠭᠰᠠᠨ ᠪᠥᠭᠡᠳ ᠳᠠᠷᠠᠭᠠᠴᠢ ᠶᠢᠨ ᠠᠯᠬᠤᠮ ᠤᠨ | ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠪᠦᠬᠦ ᠣᠷᠣᠨ ᠤ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢᠨ ᠠᠬᠤᠢ ᠲᠠᠯᠠᠪᠠᠢ ᠶᠢᠨ ᠬᠤᠷᠠᠯ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ | ᠲᠤᠭᠤᠷᠢᠨ ᠢ ᠴᠡᠭᠴᠡᠯᠡᠨ ᠵᠠᠰᠠᠬᠤ ᠪᠣᠯᠵᠣᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠪᠢᠴᠢᠭ ᠢᠶᠠᠷ ᠤᠯᠠᠮᠵᠢᠯᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠤᠨ 3 ᠳ᠋ᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ︽ᠬᠥᠬᠡᠬᠤᠲᠠ ᠶᠢᠨ | ᠬᠥᠳᠡᠭᠡ ᠲᠣᠰᠬᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠲᠤᠬᠠᠶ ᠬᠡᠷᠡᠭᠵᠢᠭᠦᠯᠬᠦ ᠲᠥᠰᠦᠯ︾᠂ ︽2020 | ᠣᠨ ᠤ ᠬᠥᠬᠡᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠶᠢ ᠦᠨᠡᠯᠡᠨ ᠰᠢᠯᠭᠠᠬᠤ ᠨᠠᠷᠢᠨ ᠲᠦᠷᠢᠮ︾᠂ ︽ᠪᠥᠬᠦ ᠬᠤᠲᠠ ᠶᠢᠨ ᠨᠠᠮᠤᠷ ᠡᠪᠦᠯ ᠤᠨ ᠤᠯᠠᠷᠢᠯ ᠤᠨ | ᠭᠠᠵᠠᠷ ᠰᠢᠷᠣᠶ ᠶᠢ ᠳᠢᠭᠯᠡᠬᠦ ᠶᠡᠭᠡ ᠬᠠᠮᠲᠤᠷᠠᠭᠰᠠᠨ ᠳᠠᠶᠢᠯᠠᠯᠳᠤᠭᠠᠨ ᠢ ᠥᠷᠨᠢᠭᠦᠯᠬᠦ ᠠᠵᠢᠯ ᠤᠨ ᠲᠥᠰᠦᠯ︾ ᠢ ᠬᠢᠨᠠᠨ | ᠵᠥᠪᠯᠡᠵᠦ ᠪᠠᠲᠤᠯᠠᠪᠠ︔ 2021 ᠣᠨ ᠤ 50 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠳᠤ ᠭᠠᠵᠠᠷ ᠰᠣᠩᠭᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠪᠠ ᠪᠥᠬᠦ ᠬᠤᠲᠠ ᠶᠢᠨ ︽ | ᠲᠣᠰᠬᠤᠨ ᠤ ᠠᠷᠠᠳ ᠤᠨ ᠵᠥᠪᠯᠡᠯ ᠢ ᠨᠡᠶᠢᠭᠡᠮ ᠲᠣᠭᠤᠷᠢᠭ ᠤᠨ ᠠᠷᠠᠳ ᠤᠨ ᠵᠥᠪᠯᠡᠯ ᠢᠶᠠᠷ ᠥᠭᠡᠷᠡᠴᠢᠯᠡᠬᠦ︾ ᠥᠪᠡᠷ ᠤᠨ | ᠪᠠᠶᠢᠴᠠᠭᠠᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷᠲᠡᠭᠡᠨ | ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠴᠢᠩᠭ᠎ᠠ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠵᠥᠷᠢᠶ᠎ᠡ ᠪᠠᠨ ᠵᠤᠷᠪᠤᠰ ᠳᠠᠷᠠᠭᠠᠯᠠᠨ ᠬᠠᠷᠭᠤᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡ ᠪᠠᠨ | ᠲᠠᠨᠢᠨ ᠬᠦᠯᠢᠶᠡᠵᠦ᠂ ᠪᠣᠳᠠᠲᠠᠢ ᠨᠠᠶᠢᠳᠠᠪᠤᠷᠢᠵᠢᠭᠤᠯᠬᠤ ᠰᠠᠨᠠᠯ ᠭᠠᠷᠭᠠᠨ᠂ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ | ᠣᠨᠴᠠᠭᠠᠶᠢᠯᠠᠨ ᠭᠡᠷ ᠤᠨ ᠵᠣᠷᠯᠣᠩ ᠢ ᠥᠭᠡᠷᠡᠴᠢᠯᠡᠬᠦ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ︔ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠨᠡᠯᠡᠨ ᠰᠢᠯᠭᠠᠬᠤ ᠠᠵᠢᠯ ᠳᠤ ᠦᠨᠡᠨᠬᠦ ᠰᠠᠶᠢᠬᠠᠨ | ᠬᠠᠮᠵᠢᠯᠴᠠᠵᠤ᠂ ᠮᠠᠨ ᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ | ᠰᠢᠯᠭᠠᠨ ᠠᠪᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ︔ ︽ᠬᠥᠬᠡᠬᠤᠲᠠ ᠶᠢᠨ ᠬᠥᠳᠡᠭᠡ ᠲᠣᠰᠬᠤᠨ ᠢ | ᠵᠠᠰᠠᠬᠤ ᠬᠡᠷᠡᠭᠵᠢᠭᠦᠯᠬᠦ ᠲᠥᠰᠥᠯ︾ ᠢ ᠦᠨᠳᠦᠰᠦᠯᠡᠨ᠂ ᠲᠥᠷᠥᠯ ᠪᠦᠷᠢ ᠶᠢᠨ ᠠᠵᠢᠯ ᠤᠨ ᠬᠤᠭᠤᠴᠠᠭ᠎ᠠ ᠶᠢ | ᠲᠣᠩᠭᠤᠷᠠᠭᠤᠯᠤᠨ ᠵᠢᠭᠰᠠᠭᠠᠵᠤ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠬᠥᠳᠡᠭᠡ ᠲᠣᠰᠬᠤᠨ ᠢ ᠵᠠᠰᠠᠬᠤ ᠠᠵᠢᠯ ᠢ | ᠲᠣᠭᠲᠠᠭᠰᠠᠨ ᠴᠠᠭ ᠲᠠᠭᠠᠨ ᠶᠠᠰᠤ ᠴᠢᠨᠠᠷ ᠲᠠᠢ ᠪᠡᠶᠡᠯᠡᠭᠦᠯᠬᠦ ᠬᠡᠷᠡᠭᠲᠡᠢ︔ ︽ᠲᠣᠰᠬᠤᠨ ᠤ ᠠᠷᠠᠳ ᠤᠨ ᠵᠥᠪᠯᠡᠯ ᠢ ᠨᠡᠶᠢᠭᠡᠮ | ᠲᠣᠭᠤᠷᠢᠭ ᠤᠨ ᠠᠷᠠᠳ ᠤᠨ ᠵᠥᠪᠯᠡᠯ ᠢᠶᠠᠷ ᠥᠭᠡᠷᠡᠴᠢᠯᠡᠬᠦ︾ ᠠᠵᠢᠯ ᠢ ᠰᠠᠶᠢᠨ ᠬᠢᠵᠦ᠂ ᠲᠥᠷᠥ ᠶᠢᠨ ᠪᠣᠳᠣᠯᠭ᠎ᠠ ᠶᠢᠨ | ᠪᠠᠷᠢᠮᠵᠢᠶ᠎ᠠ ᠶᠢ ᠰᠠᠶᠢᠬᠠᠨ ᠲᠣᠭᠲᠠᠭᠠᠵᠤ᠂ ᠴᠠᠭ ᠤᠨ ᠬᠢᠵᠠᠭᠠᠷ ᠢ ᠲᠤᠳᠤᠷᠬᠠᠶᠢᠯᠠᠨ᠂ ᠭᠠᠵᠠᠷ ᠢᠶᠠᠨ ᠠᠯᠳᠠᠭᠰᠠᠨ | ᠲᠠᠷᠢᠶᠠᠴᠢᠳ ᠤᠨ ᠡᠯ᠎ᠡ ᠲᠦᠷᠦᠯ ᠤᠨ ᠪᠠᠳᠤᠯᠠᠭᠠᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠳᠡᠢ︔ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠳᠤᠷ ᠬᠢᠵᠦ᠂ ᠲᠠᠷᠢᠶᠠᠯᠠᠩ ᠤᠨ ᠰᠡᠯᠡᠭᠦᠦ | ᠴᠠᠭ ᠢ ᠵᠠᠪᠳᠤᠵᠤ᠂ ᠠᠵᠢᠯ ᠤᠨ ᠠᠬᠢᠴᠠ ᠶᠢ ᠠᠳᠬᠤᠵᠤ᠂ ᠭᠠᠵᠠᠷ ᠲᠡᠭᠰᠢᠯᠡᠬᠦ᠂ ᠬᠥᠷᠥᠰᠥ ᠰᠢᠷᠣᠢ ᠶᠢ ᠰᠠᠶᠢᠵᠢᠷᠠᠭᠤᠯᠬᠤ᠂ | ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠬᠡᠰᠡᠭ ᠢ ᠨᠡᠶᠢᠯᠡᠭᠦᠯᠵᠦ ᠪᠦᠬᠦᠯᠢ ᠪᠣᠯᠭᠠᠬᠤ ᠵᠡᠷᠭᠡ ᠠᠵᠢᠯ ᠢ | ᠥᠷᠨᠢᠭᠦᠯᠦᠨ᠂ ᠳᠠᠷᠠᠭ᠎ᠠ ᠵᠢᠯ ᠤᠨ ᠬᠠᠪᠤᠷ ᠤᠨ ᠲᠠᠷᠢᠶᠠᠯᠠᠭ᠎ᠠ ᠳᠤ ᠭᠦᠢᠴᠡᠳ ᠪᠡᠯᠡᠳᠬᠡᠯ ᠬᠢᠬᠦ ᠬᠡᠷᠡᠭᠲᠡᠢ ᠭᠡᠪᠡ᠃ |