ᠴᠡᠯᠡᠭᠡᠷ ᠲᠠᠯ᠎ᠠ ᠲᠦᠷᠪᠡᠨ ᠵᠦᠭ ᠨᠠᠢᠮᠠᠨ ᠵᠣᠪᠬᠢᠰ ᠤᠨ ᠬᠡᠶᠢᠴᠢᠨ ᠵᠣᠴᠢᠳ ᠢ ᠪᠠᠶᠠᠷᠯᠠᠨ ᠤᠭᠲᠤᠵᠤ ᠪᠠᠶᠢᠨ᠎ᠠ
ᠨᠡᠶᠢᠲᠡᠯᠡᠭᠰᠡᠨ ᠴᠠᠭ᠄
2020/9/17
     9 ᠰᠠᠷ᠎ᠠ ᠶᠢᠨ ᠪᠣᠭᠤᠮᠲᠠ ᠶᠢᠨ ᠭᠠᠳᠠᠨᠠᠬᠢ ᠬᠥᠬᠡ ᠬᠤᠲᠠ ᠳᠤ ᠨᠠᠮᠤᠷ ᠤᠨ ᠬᠤᠩᠭᠤᠷ ᠰᠠᠯᠬᠢ ᠰᠡᠷᠴᠢᠭᠢᠨᠡᠵᠦ᠂ ᠬᠥᠮᠦᠰ ᠢ ᠰᠣᠭᠲᠣᠷᠠᠭᠤᠯᠤᠮ᠎ᠠ ᠴᠡᠯᠡᠭᠡᠷ ᠲᠠᠯ᠎ᠠ ᠴᠤ ᠨᠢᠭᠡ ᠵᠢᠯ ᠤᠨ ᠬᠠᠮᠤᠭ ᠤᠨ ᠰᠠᠶᠢᠬᠠᠨ ᠦᠵᠡᠮᠵᠢ ᠶᠢᠨ ᠴᠠᠭ  ᠲᠠᠭᠠᠨ ᠣᠷᠤᠯ᠎ᠠ᠃ ᠦᠷᠭᠡᠨ ᠤᠯᠠᠨ ᠬᠤᠲᠠ ᠶᠢᠨ ᠠᠷᠠᠳ ᠪᠣᠯᠤᠨ ᠵᠢᠭᠤᠯᠴᠢᠳ ᠴᠡᠯᠡᠭᠡᠷ ᠲᠠᠯ᠎ᠠ ᠶᠢᠨ ᠦᠵᠡᠮᠵᠢ ᠳᠤ ᠡᠷᠬᠡ ᠦᠭᠡᠢ ᠳᠠᠲᠠᠭᠳᠠᠨ᠂ ᠵᠤᠭᠠᠴᠠᠨ ᠲᠤᠭᠤᠷᠢᠵᠤ ᠪᠠᠶᠢᠭᠠᠯᠢ ᠶᠢᠨ ᠰᠠᠶᠢᠬᠠᠨ ᠢ ᠪᠠᠭ᠋ᠠᠷᠬᠠᠨ᠎ᠠ᠃      ᠥᠨᠳᠥᠷ ᠤᠭᠲᠠᠷᠭᠤᠢ ᠠᠴᠠ ᠬᠠᠷᠠᠬᠤ ᠳᠤ᠂ ᠴᠡᠯᠡᠭᠡᠷ ᠲᠠᠯ᠎ᠠ ᠦᠵᠡᠮᠵᠢ ᠶᠢᠨ ᠵᠢᠷᠤᠭ ᠰᠢᠭ᠋ ᠰᠠᠶᠢᠬᠠᠨ᠃ ᠥᠨᠢ ᠤᠳᠠᠭᠠᠨ ᠦᠦᠭᠡ ᠲᠡᠦᠬᠡ ᠪᠣᠯᠤᠨ ᠲᠠᠯ᠎ᠠ ᠨᠤᠲᠤᠭ ᠤᠨ ᠰᠣᠶᠣᠯ ᠲᠠᠢ ᠴᠡᠯᠡᠭᠡᠷ ᠲᠠᠯ᠎ᠠ ᠶᠢᠨ ᠠᠮᠢ ᠠᠬᠤᠶ ᠰᠡᠷᠭᠦᠵᠦ᠂ ᠪᠣᠬᠢᠷᠲᠤᠯ ᠦᠭᠡᠶ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢᠶᠠᠨ  ᠪᠠᠳᠠᠷᠠᠭᠤᠯᠤᠨ᠂ ᠨᠠᠢᠮᠠᠨ ᠵᠦᠭ ᠤᠨ ᠭᠡᠶᠢᠴᠢᠨ ᠵᠣᠴᠢᠳ ᠢᠶᠠᠨ ᠤᠭᠳᠤᠵᠤ᠂ ᠮᠠᠨ ᠤ ᠬᠤᠲᠠ ᠶᠢᠨ ᠠᠮᠢ ᠠᠬᠤᠢ ᠶᠢᠨ ᠵᠢᠭᠤᠯᠴᠢᠯᠠᠯ᠂ ᠰᠣᠶᠣᠯ ᠤᠨ ᠪᠠᠶᠢᠭᠤᠯᠤᠯᠲᠠ᠂ ᠣᠯᠠᠨ ᠤᠯᠤᠰ ᠤᠨ ᠰᠣᠯᠢᠯᠴᠠᠭ᠎ᠠ ᠵᠡᠷᠭᠡ ᠳᠤ ᠰᠢᠨ᠎ᠡ ᠠᠵᠠ ᠲᠣᠬᠢᠶᠠᠯ ᠠᠪᠴᠢᠷᠠᠵᠤ ᠦᠭᠭᠦᠯ᠎ᠡ᠃             ᠰᠤᠷᠪᠤᠯᠵᠢᠯᠠᠭᠴᠢ ᠯᠢᠦ ᠵᠢᠶᠦ᠋ᠨ    ᠴᠢᠮᠡᠭᠡᠯᠡᠭᠴᠢ ᠯᠧ ᠶᠠᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号