ᠰᠤᠷᠪᠤᠯᠵᠢᠯᠠᠭᠴᠢ ᠯᠢᠦ ᠱᠠ ᠱᠠ | 1993 ᠣᠨ ᠳᠤ᠂ 29 ᠨᠠᠰᠤᠲᠠᠢ ᠦ᠋ ᠬᠠᠢ ᠲᠠᠩ ᠨᠥᠬᠦᠷ ᠵᠣᠬᠢᠶᠠᠨ ᠪᠠᠶᠢᠭᠤᠯᠤᠯᠲᠠ ᠶᠢᠨ | ᠲᠣᠮᠢᠯᠠᠯᠲᠠ ᠪᠠᠷ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ᠬᠦᠷᠴᠦ | ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠰᠤᠷᠭᠠᠭᠤᠯᠢ ᠶᠢᠨ ᠬᠦᠷᠢᠶᠡᠨ ᠳᠤ ᠤᠷᠤᠭᠰᠠᠨ ᠲᠡᠷᠡ | ᠡᠳᠦᠷ᠄ ︽ᠴᠡᠴᠡᠷᠯᠢᠭ ᠲᠤ ᠤᠷᠤᠭᠰᠠᠨ ᠬᠡᠤᠬᠡᠳ ᠨᠢᠭᠡᠪᠦᠷᠢ ᠳᠤ ᠪᠦᠷ ᠬᠠᠮᠤᠭ ᠤᠨ ᠰᠢᠯᠢᠳᠡᠭ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠬᠦᠷᠲᠡᠭᠡᠵᠦ᠂ ᠡᠷᠡᠭᠦᠯ ᠴᠢᠭᠢᠷᠠᠭ᠂ ᠪᠠᠶᠠᠷ ᠬᠥᠷ ᠲᠠᠢ ᠦᠰᠭᠡᠨ ᠪᠤᠶᠢᠵᠢᠭᠤᠯᠬᠤ | ᠬᠡᠷᠡᠭᠲᠡᠶ︾ ᠭᠡᠵᠦ ᠰᠡᠳᠬᠢᠯ ᠳᠡᠭᠡᠨ ᠰᠡᠮ ᠵᠤᠷᠢᠭᠯᠠᠵᠠᠢ᠃ | ᠦᠨᠳᠦᠰᠦᠲᠡᠨ ᠤ ᠬᠡᠦᠬᠡᠳ ᠤᠨ ᠰᠤᠷᠭᠠᠨ ᠬᠦᠮᠦᠵᠢᠯ ᠢ ᠡᠷᠬᠢᠯᠡᠭᠰᠡᠨ 35 ᠵᠢᠯ ᠤᠨ ᠲᠤᠷᠰᠢ᠂ ᠥᠪᠡᠷ ᠤᠨ | ᠬᠦᠰᠡᠯ ᠡᠷᠡᠮᠡᠯᠵᠡᠯ ᠢᠶᠠᠨ ᠪᠡᠶᠡᠯᠡᠭᠦᠯᠬᠦ ᠶᠢᠨ ᠲᠥᠯᠥᠭᠡ ᠦ᠋ ᠬᠠᠶ ᠲᠠᠩ ︽ᠡᠷᠡᠭᠦᠯ ᠴᠢᠭᠢᠷᠠᠭ᠂ ᠰᠣᠳᠣ ᠮᠡᠷᠭᠡᠨ᠂ | ᠪᠦᠲᠦᠭᠡᠯᠴᠢ ᠴᠢᠨᠠᠷ ᠲᠠᠢ ᠰᠢᠨ᠎ᠡ ᠨᠢᠭᠡ ᠦᠶ᠎ᠡ ᠶᠢᠨ ᠮᠤᠩᠭᠤᠯ ᠦᠨᠳᠦᠰᠦᠲᠡᠨ ᠤ ᠬᠡᠤᠬᠡᠳ ᠢ ᠬᠥᠮᠦᠵᠢᠭᠦᠯᠬᠦ︾ | ᠬᠡᠤᠬᠡᠳ ᠤᠨ ᠴᠡᠴᠡᠷᠯᠢᠭ ᠡᠷᠭᠢᠯᠡᠬᠦ ᠵᠣᠷᠢᠯᠲᠠ ᠶᠢ ᠪᠠᠷᠢᠮᠲᠠᠯᠠᠵᠦ᠂ ᠬᠡᠤᠬᠡᠳ ᠤᠨ ᠴᠡᠴᠡᠷᠯᠢᠭ ᠤᠨ ᠪᠥᠲᠥᠭᠡᠨ | ᠪᠠᠶᠢᠭᠤᠯᠤᠯᠲᠠ ᠬᠠᠮᠢᠶᠠᠷᠤᠯᠲᠠ ᠳᠡᠭᠡᠷ᠎ᠡ ᠨᠢᠭᠡ ᠰᠡᠳᠬᠢᠯ ᠢᠶᠠᠷ ᠵᠢᠳᠬᠦᠵᠦ᠂ ᠲᠡᠷᠢᠭᠦᠨ ᠤ ᠰᠤᠷᠭᠠᠨ ᠬᠥᠮᠦᠵᠢᠯ ᠤᠨ | ᠣᠶᠢᠯᠠᠭᠠᠭᠳᠠᠬᠤᠨ ᠢ ᠲᠠᠰᠤᠷᠠᠯᠲᠠ ᠥᠬᠡᠶ ᠰᠢᠩᠭᠡᠭᠡᠨ ᠠᠪᠴᠤ᠂ ᠮᠣᠩᠭᠤᠯ ᠦᠨᠳᠦᠰᠦᠲᠡᠨ ᠤ ᠬᠡᠤᠬᠡᠳ ᠤᠨ ᠣᠶᠤᠨ | ᠴᠢᠳᠠᠪᠤᠷᠢ ᠶᠢ ᠨᠡᠭᠡᠭᠡᠨ ᠬᠥᠭᠵᠢᠭᠦᠯᠬᠦ᠂ ᠪᠡᠶ᠎ᠡ ᠰᠡᠳᠬᠢᠴᠡ ᠶᠢᠨ ᠬᠥᠭᠵᠢᠯᠲᠡ ᠳᠤ ᠲᠤᠬᠢᠷᠠᠬᠤ ᠰᠢᠨ᠎ᠡ ᠵᠢᠭᠠᠨ | ᠰᠤᠷᠭᠠᠯᠲᠠ ᠶᠢᠨ ᠠᠷᠭ᠎ᠠ ᠮᠠᠶ᠋ᠢᠭ ᠢ ᠬᠠᠶᠢᠨ ᠰᠦᠪᠡᠭᠴᠢᠯᠡᠭᠰᠡᠭᠡᠷ ᠢᠷᠡᠪᠡ᠃ | 2002 ᠣᠨ ᠳᠤ᠂ ᠡᠦ ᠬᠠᠢ ᠲᠠᠩ ᠲᠤᠰ ᠴᠡᠴᠡᠷᠯᠢᠭ ᠤᠨ ᠢᠶᠠᠨ ᠪᠠᠭᠰᠢ ᠨᠠᠷ ᠢ ᠵᠣᠬᠢᠶᠠᠨ ᠪᠠᠶᠢᠭᠤᠯᠵᠤ ︽ | ᠬᠤᠲᠠ ᠪᠠᠯᠭᠠᠰᠤᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠪᠠᠭᠰᠢ ᠨᠠᠷ ᠲᠤ ᠬᠡᠷᠡᠭᠯᠡᠬᠦ ᠨᠣᠮ | — ᠮᠣᠩᠭᠤᠯ ᠪᠢᠴᠢᠭ︾ ᠢ ᠨᠠᠶᠢᠷᠠᠭᠤᠯᠤᠨ ᠬᠡᠪᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠶᠠᠳᠤᠭᠠᠷ ᠳᠡᠰ ᠤᠨ ᠱᠠᠩᠨᠠᠯ ᠢ ᠬᠦᠷᠳᠡᠪᠡ︔ ᠲᠣᠰ ᠵᠢᠯ ᠳᠤ | ᠪᠠᠰᠠ ︽ᠬᠡᠤᠬᠡᠳ ᠤᠨ ᠰᠤᠷᠤᠯᠭ᠎ᠠ ᠶᠢᠨ ᠪᠠᠭᠠᠵᠢ ᠶᠢᠨ ᠵᠢᠭᠠᠨ ᠰᠤᠷᠭᠠᠬᠤ ᠠᠷᠭ᠎ᠠ︾ ᠶᠢ ᠰᠤᠳᠤᠯᠤᠨ ᠨᠡᠭᠡᠭᠡᠵᠦ᠂ | ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠢ ᠪᠥᠬᠦ ᠤᠯᠤᠰ ᠤᠨ ᠰᠤᠷᠭᠠᠨ ᠬᠦᠮᠤᠵᠢᠯ | ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠰᠡᠳᠦᠪ ᠬᠡᠤᠬᠡᠳ ᠤᠨ ᠴᠡᠴᠡᠷᠯᠢᠭ ᠤᠨ ᠰᠤᠷᠤᠯᠭ᠎ᠠ ᠶᠢᠨ | ᠪᠠᠭᠠᠵᠢ ᠶᠢᠨ ᠵᠢᠭᠠᠨ ᠰᠤᠷᠭᠠᠬᠤ ᠠᠷᠭ᠎ᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠪᠠ︔ | 2003 ᠣᠨ ᠳᠤ᠂ ᠲᠡᠷᠡ ᠡᠬᠡ ᠬᠠᠭᠤᠷᠠᠢ ᠪᠣᠯᠤᠨ ᠰᠢᠶᠠᠩᠭᠠᠩ ᠤᠨ ︽ᠤᠯᠠᠨ ᠡᠰᠢᠲᠦ ᠤᠶᠤᠨᠲᠤ ᠪᠦᠲᠦᠭᠡᠯᠴᠢ | ᠬᠢᠴᠢᠶᠡᠯ︾ ᠤᠨ ᠰᠡᠳᠦᠪ ᠤᠨ ᠰᠤᠳᠤᠯᠭᠠᠨ ᠤ ᠡᠭᠦᠷᠭᠡ ᠶᠢ ᠡᠭᠦᠷᠭᠡᠯᠡᠪᠡ︔ 2007 ᠣᠨ ᠳᠤ᠂ ᠲᠡᠷᠡ ᠥᠪᠡᠷᠲᠡᠭᠡᠨ | ᠵᠠᠰᠠᠬᠤ ᠣᠷᠣᠨ ᠤ ︽ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠡᠬᠢ ᠪᠠᠶᠠᠯᠢᠭ ᠢ | ᠨᠡᠭᠡᠭᠡᠨ ᠬᠥᠭᠵᠢᠭᠦᠯᠬᠦ︾ ᠠᠷᠠᠳ ᠤᠨ ᠰᠣᠶᠣᠯ᠂ ᠤᠷᠠᠯᠢᠭ ᠤᠨ ᠰᠤᠷᠭᠠᠨ ᠬᠥᠮᠦᠵᠢᠯ ᠤᠨ ᠬᠡᠰᠡᠭ ᠰᠤᠳᠤᠯᠭᠠᠨ ᠤ | ᠡᠭᠦᠷᠭᠡ ᠶᠢ ᠡᠭᠦᠷᠭᠡᠯᠡᠪᠡ᠃ 2008 ᠣᠨ ᠳᠤ᠂ ᠲᠡᠷᠡ ᠳᠤᠮᠳᠠᠳᠤ ᠤᠯᠤᠰ ᠤᠨ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠤᠨ ᠰᠤᠳᠤᠯᠭᠠᠨ ᠤ ᠨᠡᠶᠢᠭᠡᠮᠯᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠰᠤᠳᠤᠯᠭᠠᠨ ᠤ | ᠰᠡᠳᠦᠪ ︽ᠬᠤᠲᠠ ᠶᠢᠨ ᠮᠣᠩᠭᠤᠯ ᠦᠨᠳᠦᠰᠦᠲᠡᠨ ᠤ ᠡᠬᠡ ᠬᠡᠯᠡᠨ ᠤ ᠢᠯᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ | ᠰᠤᠳᠤᠯᠤᠯ︾ ᠢ ᠡᠭᠦᠷᠭᠡᠯᠡᠵᠦ᠂ ᠪᠠᠰᠠ ︽ᠪᠠᠯᠴᠢᠷ ᠬᠡᠦᠬᠡᠳ ᠤᠨ ᠮᠣᠩᠭᠤᠯ ᠬᠡᠯᠡᠨ ᠤ ᠰᠤᠷᠭᠠᠨ ᠬᠥᠮᠦᠵᠢᠯ ᠤᠨ ᠡᠬᠢ | ᠪᠠᠶᠠᠯᠢᠭ︾ ᠭᠡᠬᠦ ᠬᠢᠴᠢᠶᠡᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠬᠡᠪᠯᠡᠬᠦᠯᠵᠦ ᠨᠠᠢᠮᠠᠨ ᠮᠤᠵᠢ ᠣᠷᠣᠨ ᠤ ᠮᠣᠩᠭᠤᠯ | ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ᠬᠡᠷᠡᠭᠯᠡᠭᠦᠯᠵᠦ᠂ ᠤᠯᠤᠰ ᠤᠨ ᠲᠤᠲᠤᠭᠠᠳᠤ ᠶᠢᠨ ᠬᠡᠦᠬᠡᠳ ᠤᠨ | ᠮᠣᠩᠭᠤᠯ ᠬᠡᠯᠡᠨ ᠤ ᠬᠢᠴᠢᠶᠡᠯ ᠤᠨ ᠬᠤᠭᠤᠰᠣᠨ ᠢ ᠨᠥᠬᠦᠪᠥᠷᠢᠯᠡᠵᠡᠢ᠃ | ᠴᠡᠴᠡᠷᠯᠢᠭ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠨᠢ ᠪᠠᠰᠠ ᠡᠦ ᠬᠠᠢ ᠳᠠᠩ ᠤᠨ ᠰᠡᠳᠬᠢᠯ ᠳᠠᠬᠢ ᠶᠡᠭᠡ | ᠶᠠᠪᠤᠳᠠᠯ᠂ ᠴᠢᠬᠤᠯᠠ ᠶᠠᠪᠤᠳᠠᠯ ᠪᠤᠯᠵᠦ ᠪᠠᠶᠢᠯ᠎ᠠ᠃ ︽ᠬᠡᠤᠬᠡᠳ ᠤᠨ ᠴᠡᠴᠡᠷᠯᠢᠭ ᠤᠨ ᠣᠷᠴᠢᠨ ᠲᠣᠭᠤᠷᠢᠨ ᠤ | ᠰᠠᠶᠢᠨ ᠮᠠᠭᠤ ᠨᠢ ᠬᠡᠤᠬᠡᠳ ᠤᠨ ᠴᠡᠴᠡᠷᠯᠢᠭ ᠤᠨ ᠬᠡᠤᠬᠡᠳ ᠲᠤ ᠬᠠᠩᠭᠠᠭᠰᠠᠨ ᠬᠥᠭᠵᠢᠯᠲᠡ ᠶᠢᠨ ᠣᠷᠣᠨ ᠵᠠᠶ ᠶᠢᠨ | ᠶᠡᠭᠡ ᠪᠠᠭ᠎ᠠ ᠶᠢ ᠲᠣᠭᠲᠠᠭᠠᠨ᠎ᠠ᠃ ᠬᠡᠤᠬᠡᠳ ᠤᠨ ᠴᠡᠴᠡᠷᠯᠢᠭ ᠤᠨ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ | ᠡᠤ ᠬᠠᠶ ᠲᠠᠩ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠪᠡᠯᠡ ᠮᠥᠩᠭᠦ ᠶᠢ ᠴᠢᠷᠮᠠᠶᠢᠨ ᠣᠯᠵᠤ᠂ | 2007 ᠣᠨ ᠳᠤ ᠤᠷᠢᠳ ᠬᠤᠵᠢᠳ 3500 ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠤᠨ 6200 | ᠲᠡᠭᠰᠢ ᠳᠥᠷᠪᠡᠯᠵᠢᠨ ᠮᠧᠲᠷ ᠤᠨ ᠵᠢᠭᠠᠨ ᠰᠤᠷᠭᠠᠬᠤ ᠠᠰᠠᠷ ᠢ ᠥᠷᠭᠡᠳᠬᠡᠨ ᠪᠠᠶᠢᠭᠤᠯᠵᠠᠶ᠃ ᠬᠥᠬᠡᠬᠤᠲᠠ ᠶᠢᠨ | ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠢ ᠨᠢᠭᠡ ᠯᠡ ᠳᠡᠭᠡᠷ᠎ᠡ 18 ᠵᠢᠭᠠᠨ ᠰᠤᠷᠭᠠᠬᠤ ᠠᠩᠭᠢ ᠶᠢᠨ | 700 ᠭᠠᠷᠤᠶ ᠮᠣᠩᠭᠤᠯ ᠦᠨᠳᠦᠰᠦᠲᠡᠨ ᠤ ᠬᠡᠤᠬᠡᠳ ᠲᠠᠢ᠂ ᠦᠨᠳᠦᠰᠦᠲᠡᠨ ᠤ ᠣᠨᠴᠠᠯᠢᠭ ᠲᠠᠢ ᠥᠪᠡᠷᠲᠡᠭᠡᠨ | ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠤᠬᠡᠳ ᠤᠨ ᠴᠡᠴᠡᠷᠯᠢᠭ ᠪᠤᠯᠭᠠᠵᠠᠢ᠃ ᠡᠭᠦᠨ ᠠᠴᠠ ᠰᠡᠭᠦᠯᠡᠷ᠂ | ᠮᠠᠨ ᠤ ᠬᠤᠲᠠ ᠶᠢᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠮᠣᠩᠭᠤᠯ ᠦᠨᠳᠦᠰᠦᠲᠡᠨ ᠤ ᠬᠡᠤᠬᠡᠳ ᠴᠡᠴᠡᠷᠯᠢᠭ ᠲᠤ | ᠣᠷᠣᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠦ᠋ ᠬᠠᠶ ᠲᠠᠩ ᠰᠠᠶᠢᠬᠠᠨ ᠲᠤᠭᠤᠷᠢᠭ ᠤᠨ ᠵᠠᠰᠠᠭ ᠤᠨ | ᠣᠷᠳᠣᠨ ᠲᠠᠢ ᠢᠳᠡᠪᠬᠢᠲᠡᠶ ᠵᠣᠬᠢᠴᠠᠯᠳᠤᠨ 2013 ᠣᠨ ᠳᠤ ᠬᠥᠬᠡᠬᠤᠲᠠ ᠶᠢᠨ ᠮᠣᠩᠭᠤᠯ ᠦᠨᠳᠦᠰᠦᠲᠡᠨ ᠤ | ᠬᠡᠤᠬᠡᠳ ᠤᠨ ᠴᠡᠴᠡᠷᠯᠢᠭ ᠤᠨ ᠡᠮᠦᠨ᠎ᠡ ᠬᠦᠷᠢᠶᠡᠯᠡᠩ ᠲᠣᠭᠤᠷᠢᠭ ᠢ ᠨᠡᠮᠡᠵᠦ ᠪᠠᠶᠢᠭᠤᠯᠪᠠ᠃ ᠰᠢᠨ᠎ᠡ ᠬᠦᠷᠢᠶᠡᠯᠡᠩ | ᠲᠣᠭᠤᠷᠢᠭ ᠤᠨ ᠡᠵᠡᠯᠡᠬᠦ ᠲᠠᠯᠠᠪᠠᠢ 30075 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ 23480 | ᠲᠡᠭᠰᠢ ᠳᠥᠷᠪᠡᠯᠵᠢᠨ ᠮᠧᠲᠷ᠂ 1.24 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠵᠦ᠂ 2016 ᠣᠨ ᠤ 11 | ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠠᠰᠢᠭᠯᠠᠯᠲᠠ ᠳᠤ ᠤᠷᠤᠭᠤᠯᠤᠭᠰᠠᠨ ᠪᠠᠶᠢᠨ᠎ᠠ᠃ ᠢᠩᠭᠢᠭᠡᠳ | ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠨᠢ ᠨᠢᠭᠡ ᠴᠡᠴᠡᠷᠯᠢᠭ ᠬᠤᠶᠠᠷ ᠭᠠᠵᠠᠷ | ᠪᠣᠯᠤᠨ ᠬᠥᠭᠵᠢᠵᠦ᠂ ᠨᠡᠶᠢᠲᠡ 46 ᠵᠢᠭᠠᠨ ᠰᠤᠷᠭᠠᠬᠤ ᠠᠩᠭᠢ ᠶᠢᠨ 1861 ᠬᠡᠤᠬᠡᠳ ᠲᠠᠢ ᠪᠤᠯᠵᠦ᠂ ᠣᠷᠣᠨ ᠤ | ᠲᠥᠪ ᠳᠠᠬᠢ ᠰᠤᠷᠭᠠᠭᠤᠯᠢ ᠡᠷᠭᠢᠯᠡᠬᠦ ᠨᠥᠬᠦᠴᠡᠯ᠂ ᠰᠤᠷᠭᠠᠭᠤᠯᠢ ᠡᠷᠭᠢᠯᠡᠬᠦ ᠶᠠᠰᠤ ᠴᠢᠨᠠᠷ ᠢᠶᠠᠷ ᠲᠡᠷᠢᠭᠦᠨ ᠵᠡᠷᠭᠡ ᠶᠢᠨ | ᠲᠣᠮᠣ ᠬᠡᠯᠪᠡᠷᠢ ᠶᠢᠨ ᠦᠨᠳᠦᠰᠦᠲᠡᠨ ᠤ ᠣᠨᠴᠠᠯᠢᠭ ᠲᠠᠢ ᠬᠡᠤᠬᠡᠳ ᠤᠨ ᠴᠡᠴᠡᠷᠯᠢᠭ ᠪᠤᠯᠭᠠᠨ ᠪᠠᠶᠢᠭᠤᠯᠵᠠᠢ᠃ ᠤᠳᠤ᠂ | ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠶᠠᠭ ᠯᠠ ᠬᠥᠮᠦᠨ ᠢ ᠬᠥᠮᠦᠵᠢᠭᠦᠯᠬᠦ | ᠴᠡᠩᠭᠡᠯ ᠤᠨ ᠣᠷᠣᠨ ᠪᠤᠯᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠭᠤᠷ ᠠᠮᠢᠰᠬᠤᠯ ᠭᠠᠵᠠᠷ ᠪᠣᠯᠭᠠᠨ | ᠳᠤ ᠪᠢᠯᠬᠠᠵᠤ ᠂ ᠬᠡᠤᠬᠡᠳ ᠤᠳ ᠪᠠᠶᠠᠷ ᠬᠥᠷ ᠲᠠᠢ ᠪᠠᠷ ᠠᠮᠢᠳᠤᠷᠠᠵᠤ᠂ ᠪᠠᠶᠠᠷ ᠬᠥᠷ ᠲᠠᠢ ᠪᠠᠷ ᠦᠰᠦᠨ ᠪᠤᠶᠢᠵᠢᠵᠦ | ᠪᠠᠶᠢᠨ᠎ᠠ᠃ | ᠡᠤ ᠬᠠᠶ ᠲᠠᠩ ᠤᠨ ᠳᠠᠭᠠᠭᠤᠯᠭ᠎ᠠ ᠳᠣᠤᠷ᠎ᠠ᠂ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ | ᠴᠡᠴᠡᠷᠯᠢᠭ ᠨᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ | ᠲᠡᠷᠢᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ᠂ ᠬᠥᠬᠡᠬᠤᠲᠠ ᠶᠢᠨ ᠬᠡᠦᠬᠡᠳ ᠤᠨ | ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ᠂ ᠬᠥᠬᠡᠬᠤᠲᠠ ᠶᠢᠨ ︽ᠬᠠᠮᠤᠭ ᠤᠨ ᠭᠤᠶᠤ ᠬᠡᠦᠬᠡᠳ ᠤᠨ | ᠴᠡᠩᠭᠡᠯ ᠤᠨ ᠬᠦᠷᠢᠶᠡᠯᠡᠩ︾᠂ ᠬᠥᠬᠡᠬᠤᠲᠠ ᠶᠢᠨ ᠦᠨᠳᠦᠰᠦᠲᠡᠨ ᠤ ᠰᠤᠷᠭᠠᠭᠤᠯᠢ ᠶᠢᠨ5A ᠳᠡᠰ ᠤᠨ | ᠬᠠᠮᠢᠶᠠᠷᠤᠯᠲᠠ ᠶᠢᠨ ᠨᠢᠭᠡᠴᠡ᠂ ᠬᠥᠬᠡᠬᠤᠲᠠ ᠶᠢᠨ ᠠᠷᠢᠭᠤᠨ ᠲᠠᠩᠰᠤᠭ ᠠᠮᠢ ᠠᠬᠤᠶᠢᠳᠤ ᠰᠤᠷᠭᠠᠭᠤᠯᠢ ᠶᠢᠨ ᠬᠦᠷᠢᠶ᠎ᠡ᠂ | ᠤᠯᠠᠭᠠᠨᠬᠦᠦ ᠶᠢᠨ ᠮᠣᠩᠭᠤᠯ ᠦᠭᠡ ᠬᠡᠯᠡ ᠦᠰᠦᠭ ᠪᠢᠴᠢᠭ ᠤᠨ ᠱᠠᠩᠨᠠᠯᠳᠤ ᠲᠡᠷᠢᠭᠦᠨ ᠤ ᠬᠠᠮᠲᠤ᠂ ᠥᠪᠡᠷᠲᠡᠭᠡᠨ | ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢᠨ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃ ᠡᠦ ᠬᠠᠢ | ᠲᠠᠩ ᠤᠨ ᠬᠤᠪᠢ ᠪᠡᠶ᠎ᠡ ᠨᠢ ᠪᠠᠰᠠ ᠪᠦᠬᠦ ᠤᠯᠤᠰ ᠤᠨ ᠰᠢᠯᠢᠳᠡᠭ ᠪᠠᠭᠰᠢ᠂ ᠪᠦᠬᠦ ᠤᠯᠤᠰ ᠤᠨ ︽5 · 1︾ ᠤ | ᠬᠦᠳᠡᠯᠮᠤᠷᠢ ᠶᠢᠨ ᠱᠠᠩᠨᠠᠯ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ᠂ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ᠂ ᠬᠥᠬᠡᠬᠤᠲᠠ ᠶᠢᠨ | ᠰᠤᠷᠭᠠᠨ ᠬᠥᠮᠦᠵᠢᠯ ᠤᠨ ᠰᠢᠰᠲ᠋ᠧᠮ ᠤᠨ ᠬᠥᠳᠡᠯᠮᠦᠷᠢ ᠶᠢᠨ ᠵᠢᠱᠢᠶᠡᠴᠢ᠂ ᠬᠥᠬᠡᠬᠤᠲᠠ ᠶᠢᠨ ᠭᠤᠷᠪᠠᠳᠤᠭᠠᠷ | ᠪᠦᠯᠦᠭ ᠤᠨ ᠲᠤᠰᠬᠠᠢ ᠮᠡᠷᠭᠡᠵᠢᠯ ᠤᠨ ᠣᠷᠦ᠋ᠢᠯᠠᠭᠰᠠᠨ ᠴᠢᠳᠠᠪᠤᠷᠢᠲᠠᠨ᠂ ᠰᠠᠶᠢᠬᠠᠨ ᠲᠣᠭᠤᠷᠢᠭ ᠤᠨ ︽ᠰᠢᠯᠢᠳᠡᠭ | ᠵᠠᠬᠢᠷᠤᠯ︾᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ ︽ᠰᠢᠯᠢᠳᠡᠭ ᠵᠠᠬᠢᠷᠤᠯ︾ ᠵᠡᠷᠭᠡ ᠤᠯᠠᠨ | ᠵᠦᠢᠯ ᠤᠨ ᠱᠠᠩᠨᠠᠯ ᠪᠠ ᠢᠷᠠᠭᠤ ᠠᠯᠳᠠᠷ ᠢᠶᠠᠷ ᠬᠦᠷᠲᠡᠪᠡ᠃ | 35 ᠵᠢᠯ ᠤᠨ ᠲᠤᠷᠰᠢ᠂ ᠡᠦ ᠬᠠᠢ ᠳᠠᠩ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠳᠤᠷᠠᠲᠠᠶ᠎ᠠ ᠬᠤᠪᠢ | ᠨᠡᠮᠡᠷᠢ ᠪᠠᠨ ᠦᠵᠡᠭᠦᠯᠵᠦ᠂ ᠦᠨᠳᠦᠰᠦᠲᠡᠨ ᠤ ᠬᠡᠦᠬᠡᠳ ᠤᠨ ᠰᠤᠷᠭᠠᠨ ᠬᠥᠮᠦᠵᠢᠯ ᠤᠨ ᠠᠵᠢᠯ ᠤᠨ ᠥᠭᠡᠷᠡᠴᠢᠯᠡᠯᠲᠡ | ᠬᠥᠭᠵᠢᠯᠲᠡ ᠪᠠ ᠲᠦᠭ ᠲᠦᠮᠡᠨ ᠮᠤᠩᠭᠤᠯ ᠦᠨᠳᠦᠰᠦᠲᠡᠨ ᠤ ᠬᠡᠦᠬᠡᠳ ᠤᠨ ᠡᠷᠡᠭᠦᠯ ᠴᠢᠭᠢᠷᠠᠭ ᠪᠠᠶᠠᠷ | ᠪᠠᠶᠠᠰᠬᠤᠯᠠᠩ ᠲᠠᠢ ᠦᠰᠦᠨ ᠪᠤᠶᠢᠵᠢᠬᠤ ᠳᠤ ᠵᠠᠯᠠᠭᠤ ᠨᠠᠰᠤ ᠪᠠᠨ ᠵᠣᠷᠢᠭᠤᠯᠵᠤ᠂ ᠨᠢᠯᠬ᠎ᠠ ᠬᠡᠦᠬᠡᠳ᠂ ᠭᠡᠷ ᠤᠨ | ᠠᠬᠠᠮᠠᠳ᠂ ᠪᠠᠭᠰᠢ ᠠᠵᠢᠯᠲᠠᠨ ᠤ ᠪᠢᠰᠢᠷᠡᠯ ᠪᠠ ᠬᠠᠶᠢᠷ᠎ᠠ ᠬᠦᠨᠳᠦᠳᠬᠡᠯ ᠢ ᠣᠯᠵᠤ᠂ ᠲᠡᠭᠦᠨ ᠤ ᠠᠵᠢᠯ ᠦᠢᠯᠡᠰ ᠤᠨ | ᠠᠮᠵᠢᠯᠲᠠ ᠪᠠ ᠬᠤᠪᠢ ᠬᠥᠮᠦᠨ ᠤ ᠠᠪᠢᠶᠠᠰ ᠴᠢᠳᠠᠪᠤᠷᠢ ᠨᠢ ᠨᠡᠶᠢᠭᠡᠮ ᠳᠤ ᠮᠡᠳᠡᠷᠡᠭᠳᠡᠵᠡᠢ ᠃ | http://mongol.people.com.cn/15824293.html |