19 ᠤ ᠡᠳᠦᠷ ᠠᠴᠠ ᠡᠬᠢᠯᠡᠨ 103 ᠳ᠋ᠤᠭᠠᠷ ᠵᠠᠮ ᠤᠨ ᠨᠡᠶᠢᠲᠡ ᠶᠢᠨ ᠮᠠᠰᠢᠨ ᠰᠢᠭᠤᠳ ᠴᠡᠯᠡᠭᠡᠷ ᠲᠠᠯ᠎ᠠ ᠳᠤ ᠬᠦᠷᠦᠨ᠎ᠡ
ᠨᠡᠶᠢᠲᠡᠯᠡᠭᠰᠡᠨ ᠴᠠᠭ᠄
2020/9/17
       ᠰᠤᠷᠪᠤᠯᠵᠢᠯᠠᠭᠴᠢ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠶ ᠺᠣᠮᠫᠠᠨᠢ ᠠᠴᠠ ᠣᠶᠢᠯᠠᠭᠠᠭᠰᠠᠨ ᠢᠶᠠᠷ᠂ ᠬᠤᠲᠠ ᠶᠢᠨ ᠠᠷᠠᠳ ᠤᠨ ᠨᠡᠶᠢᠲᠡ ᠶᠢᠨ ᠮᠠᠰᠢᠨ ᠳᠤ ᠰᠠᠭᠤᠵᠤ ᠴᠡᠯᠡᠭᠡᠷ ᠲᠠᠯ᠎ᠠ ᠳᠤ ᠬᠦᠷᠬᠦ ᠳᠤ ᠨᠡᠩ ᠳᠥᠭᠦᠮ ᠪᠣᠯᠭᠠᠬᠤ ᠶᠢᠨ ᠲᠥᠯᠥᠭᠡ᠂ ᠲᠣᠰ ᠺᠣᠮᠫᠠᠨᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠤ ᠲᠠᠷᠠᠭ᠎ᠠ 9 ᠳ᠋ᠤᠭᠡᠷ ᠰᠠᠷ᠎ᠠ ᠶᠢᠨ 19 ᠤ ᠡᠳᠦᠷ ᠠᠴᠠ ᠡᠬᠢᠯᠡᠨ 103 ᠳ᠋ᠤᠭᠠᠷ ᠵᠠᠮ ᠤᠨ ᠨᠡᠶᠢᠲᠡ ᠶᠢᠨ ᠮᠠᠰᠢᠨ ᠤ  ᠠᠶᠠᠯᠠᠯ ᠤᠨ ᠱᠤᠭᠤᠮ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃      103 ᠳ᠋ᠤᠭᠠᠷ ᠵᠠᠮ ᠤᠨ ᠨᠡᠶᠢᠲᠡ ᠶᠢᠨ ᠮᠠᠰᠢᠨ ᠤ ᠠᠶᠠᠯᠠᠯ ᠤᠨ ᠱᠤᠭᠤᠮ ᠳᠤ ᠲᠣᠬᠢᠷᠠᠭᠤᠯᠤᠯᠲᠠ ᠬᠢᠬᠦ ᠪᠣᠳᠠᠲᠠᠶ ᠲᠥᠰᠦᠯ ᠪᠣᠯ᠄ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ ᠠᠴᠠ ᠲᠡᠷᠭᠡ  ᠬᠥᠳᠡᠯᠵᠦ᠂ ᠵᠡᠭᠦᠨ ᠬᠤᠶᠠᠳᠤᠭᠠᠷ ᠲᠣᠭᠤᠷᠢᠭᠤᠯ ᠵᠠᠮ᠂ ᠴᠢᠩᠭᠢᠰ ᠬᠠᠭᠠᠨ ᠵᠡᠭᠦᠨ ᠵᠡᠭᠡᠯᠢ᠂ ᠬᠤᠷᠴᠢᠨ ᠬᠤᠶᠢᠲᠤ ᠵᠠᠮ ᠤᠨ ᠳᠠᠭᠠᠯᠲᠠ ᠵᠠᠮ᠂ ᠵᠣᠴᠢᠨ ᠤᠭᠳᠤᠬᠤ ᠵᠠᠮ᠂ ᠬᠦᠬᠡᠲᠠᠯ᠎ᠠ ᠪᠠᠷᠠᠭᠤᠨ ᠵᠡᠭᠡᠯᠢ᠂ ᠬᠦᠬᠡᠲᠠᠯ᠎ᠠ ᠵᠡᠭᠦᠨ ᠵᠡᠭᠡᠯᠢ᠂ ᠣᠪᠤᠭ᠎ᠠ ᠲᠣᠰᠬᠤᠨ ᠤ ᠦᠪᠡᠷᠲᠡᠭᠡᠨ‌‍ᠲ᠋ᠡᠪᠢᠰᠦᠭᠰᠡᠨ ᠵᠠᠮ ᠵᠡᠷᠭᠡ ᠭᠠᠵᠠᠷ ᠤᠳ ᠢᠶᠠᠷ ᠦᠩᠭᠡᠷᠡᠨ᠎ᠡ᠃ ᠲᠠᠩ ᠴᠢᠭᠯᠡᠯ ᠤᠨ ᠠᠶᠠᠯᠠᠯ ᠤᠨ ᠵᠠᠮ ᠤᠨ ᠤᠷᠳᠤ ᠨᠢ 26.3 ᠺᠢᠯᠣᠮᠧᠲᠷ᠂ ᠥᠷᠯᠥᠭᠡ ᠶᠢᠨ 7  ᠴᠠᠭ ᠲᠤ ᠠᠩᠬᠠᠨ ᠤ ᠡᠭᠡᠯᠵᠢ ᠶᠢᠨ ᠲᠡᠷᠭᠡ ᠬᠦᠳᠡᠯᠵᠦ᠂ ᠣᠷᠣᠢ ᠶᠢᠨ 20᠄ 00 ᠴᠠᠭ ᠲᠤ ᠰᠡᠭᠦᠯᠴᠢ ᠶᠢᠨ ᠡᠭᠡᠯᠵᠢ ᠶᠢᠨ ᠲᠡᠷᠭᠡ ᠬᠥᠳᠡᠯᠦᠨ᠎ᠡ᠃ ︵ᠰᠤᠷᠪᠤᠯᠵᠢᠯᠠᠭᠴᠢ ᠶᠦᠨ ᠶᠠᠨ ᠹᠠᠩ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号