ᠲᠦᠷᠦ ᠶᠢᠨ ᠶᠠᠪᠤᠲᠠᠯ ᠤᠨ ᠬᠤᠷᠢᠶᠠᠨ ᠤ ᠠᠯᠪᠠᠨ ᠲᠠᠩᠬᠢᠮ ᠮᠡᠲᠡᠭᠲᠡᠯ ᠲᠠᠷᠤᠮᠠᠯᠯᠠᠨ ᠲᠠᠷᠬᠠᠭᠠᠵᠤ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠦᠢᠯᠡ ᠠᠵᠢᠯᠯᠠᠭ᠎ᠠ ᠶᠢ ᠡᠷᠡᠰ ᠬᠤᠷᠢᠭᠯᠠᠨ  ᠵᠤᠭᠰᠤᠭᠠᠲᠤᠭᠠᠢ ᠭᠡᠪᠡ
ᠨᠡᠶᠢᠲᠡᠯᠡᠭᠰᠡᠨ ᠴᠠᠭ᠄
2020/9/17
    ᠰᠢᠨᠬᠤᠸᠠ ᠬᠤᠷᠢᠶᠠᠨ ᠤ ᠪᠡᠭᠡᠵᠢᠩ ᠤᠨ 9  ᠰᠠᠷ᠎ᠠ ᠶᠢᠨ 15 ᠤ ᠡᠲᠦᠷ ᠤᠨ ᠮᠡᠲᠡᠭᠡ ᠲᠦᠷᠦ ᠶᠢᠨ ᠶᠠᠪᠤᠲᠠᠯ  ᠤᠨ ᠬᠤᠷᠢᠶᠠᠨ ᠤ ᠠᠯᠪᠠᠨ ᠲᠠᠩᠭᠢᠮ ᠠᠴᠠ ᠲᠦᠷᠦᠬᠦᠬᠡᠨ ︽ᠲᠠᠷᠢᠶᠠᠨ ᠭᠠᠵᠠᠷ ᠢ ︿ᠲᠠᠷᠢᠶᠠᠯᠠᠩ ᠤᠨ ᠪᠤᠰᠤ ᠪᠤᠯᠭᠠᠬᠤ  ﹀ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠤᠭᠰᠤᠭᠠᠬᠤ ᠲᠤᠬᠠᠢ ᠮᠡᠲᠡᠭᠲᠡᠯ︾ ︵ᠲᠤᠷᠤᠭᠰᠢ ︽ᠮᠡᠲᠡᠭᠲᠡᠯ︾ ᠭᠡᠵᠦ ᠲᠦᠬᠦᠮᠴᠢᠯᠡᠨ᠎ᠡ︶ ᠲᠠᠷᠤᠮᠠᠯᠯᠠᠨ ᠲᠠᠷᠬᠠᠭᠠᠵᠤ᠂ ᠬᠦᠴᠦᠨ ᠪᠦᠬᠦᠢ ᠠᠷᠭ᠎ᠠ ᠬᠡᠮᠵᠢᠶ᠎ᠠ ᠠᠪᠴᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠬᠠᠲᠠᠭᠤ  ᠴᠢᠩᠭ᠎ᠠ ᠲᠦᠷᠢᠮ ᠢ ᠰᠠᠶᠢᠲᠤᠷ ᠨᠠᠶᠢᠲᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠡᠯ᠎ᠡ ᠲᠦᠷᠦᠯ ᠤᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠤᠬᠰᠤᠭᠠᠵᠤ᠂ ᠲᠠᠷᠢᠶᠠᠨ ᠭᠠᠵᠠᠷ ᠤᠨ  ᠤᠯᠠᠭᠠᠨ ᠱᠤᠭᠤᠮ ᠢ ᠪᠠᠳᠤ ᠰᠠᠬᠢᠳᠤᠭᠠᠢ ᠭᠡᠵᠦ ᠱᠠᠭᠠᠷᠲᠠᠪᠠ᠃     ︽ᠮᠡᠲᠡᠭᠲᠡᠯ︾ ᠳᠤ ᠵᠢᠭᠠᠬᠤ ᠳᠠᠭᠠᠨ᠄ ᠲᠠᠷᠢᠶᠠᠨ ᠭᠠᠵᠠᠷ ᠪᠤᠯ ᠠᠮᠤ ᠪᠤᠲᠠᠭᠠᠨ   ᠤ ᠦᠢᠯᠡᠳᠪᠦᠷᠢᠯᠠᠯ ᠤᠨ  ᠴᠢᠬᠤᠯᠠ ᠰᠠᠭᠤᠷᠢ ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠤᠨ ᠶᠠᠪᠤᠲᠠᠯ ᠤᠨ ᠬᠤᠷᠢᠶ᠎ᠠ ᠲᠠᠷᠢᠶᠠᠨ ᠭᠠᠵᠠᠷ  ᠤᠨ  ᠬᠠᠮᠠᠭᠠᠯᠠᠯᠲᠠ ᠶᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠶᠢᠷ᠎ᠠ ᠶᠢᠨ ᠵᠢᠯ ᠤᠳ ᠲᠤ᠂  ᠲᠠᠷᠢᠶᠠᠨ ᠭᠠᠵᠠᠷ ᠢ  ᠴᠢᠩᠭ᠎ᠠ ᠬᠠᠮᠠᠭᠠᠯᠠᠬᠤ ᠠᠯᠢ ᠤᠯᠠᠨ ᠲᠦᠷᠦ ᠶᠢᠨ ᠪᠤᠲᠤᠯᠭ᠎ᠠ ᠪᠠ ᠠᠷᠭ᠎ᠠ ᠬᠡᠮᠵᠢᠶ᠎ᠡ ᠶᠢ  ᠲᠤᠭᠲᠠᠭᠠᠬᠰᠠᠨ ᠪᠠᠶᠢᠲᠠᠭ᠃ ᠭᠡᠲᠡᠯ᠎ᠡ ᠡᠲᠦᠢ ᠲᠡᠲᠦᠢ ᠭᠠᠵᠠᠷ ᠤᠷᠤᠨ ᠤ ᠬᠢᠨ  ᠲᠦᠷᠢᠮ ᠢ ᠵᠦᠷᠢᠴᠡᠨ ᠲᠠᠷᠢᠶᠠᠨ ᠭᠠᠵᠠᠷ ᠢ ᠡᠵᠡᠯᠡᠨ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠬᠦ ᠦᠵᠡᠭᠲᠡᠯ ᠮᠦᠨ ᠤᠷᠤᠰᠢᠭᠰᠠᠭᠠᠷ ᠪᠠᠶᠢᠨ᠎ᠠ᠃ ︽ᠮᠡᠲᠡᠭᠲᠡᠯ︾ ᠳᠤ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠶᠢ ᠡᠷᠡᠰ ᠬᠤᠷᠢᠭᠯᠠᠨ  ᠵᠤᠬᠰᠤᠭᠠᠬᠤ ᠳᠤ ᠵᠢᠷᠭᠤᠭᠠᠨ ᠵᠦᠢᠯ ᠤᠨ ᠦᠢᠯᠡ ᠠᠵᠢᠯᠯᠠᠭ᠎ᠠ ᠶᠢ ᠲᠤᠲᠤᠷᠬᠠᠶᠢᠯᠠᠵᠠᠢ᠄      ᠨᠢᠭᠡ ᠳᠤ᠂ ᠲᠦᠷᠢᠮ ᠢ ᠵᠦᠷᠢᠴᠡᠨ ᠲᠠᠷᠢᠶᠠᠨ ᠭᠠᠵᠠᠷ ᠢ ᠡᠵᠡᠯᠡᠵᠦ ᠮᠤᠳᠤ ᠲᠠᠷᠢᠵᠤ ᠨᠤᠭᠤᠭᠠᠷᠠᠭᠤᠯᠲᠠ ᠬᠢᠬᠦ ᠶᠢ ᠴᠢᠩᠭ᠎ᠠ ᠬᠤᠷᠢᠨ᠎ᠠ᠃      ᠬᠤᠶᠠᠷ ᠲᠤ᠂  ᠪᠤᠬᠢᠷᠲᠤᠯ ᠦᠭᠡᠢ ᠡᠳ᠋ ᠪᠤᠳᠠᠰ ᠵᠦᠭᠡᠭᠡᠪᠦᠷᠢᠯᠡᠬᠦ ᠰᠢᠭᠤᠳ ᠵᠠᠮ ᠢ  ᠪᠠᠷᠢᠮᠵᠢᠶ᠎ᠠ ᠠᠴᠠ ᠲᠠᠪᠠᠭᠤᠯᠤᠨ ᠪᠠᠶᠢᠭᠤᠯᠬᠤ ᠶᠢ ᠡᠷᠡᠰ ᠬᠤᠷᠢᠨ᠎ᠠ᠃   ᠭᠤᠷᠪᠠ ᠳᠤ᠂ ᠲᠦᠷᠢᠮ ᠢ ᠵᠦᠷᠢᠴᠡᠨ ᠲᠠᠷᠢᠶᠠᠨ ᠭᠠᠵᠠᠷ ᠢ ᠡᠵᠡᠯᠡᠵᠦ ᠨᠠᠭᠤᠷ ᠢ ᠤᠬᠤᠵᠤ ᠦᠵᠡᠮᠵᠢ ᠶᠢᠨ  ᠭᠠᠵᠠᠷ ᠪᠠᠶᠢᠭᠤᠯᠬᠤ ᠶᠢ ᠴᠢᠩᠭ᠎ᠠ ᠬᠤᠷᠢᠨ᠎ᠠ᠃     ᠲᠦᠷᠪᠡ ᠳᠤ᠂ ᠪᠠᠶᠢᠩᠭᠤ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠵᠤ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠪᠠᠶᠢᠭᠤᠯᠬᠤ ᠶᠢ ᠴᠢᠩᠭ᠎ᠠ ᠬᠤᠷᠢᠨ᠎ᠠ᠃      ᠲᠠᠪᠤ ᠳᠤ᠂ ᠲᠦᠷᠢᠮ ᠢ ᠵᠦᠷᠢᠴᠡᠨ ᠲᠠᠷᠢᠶᠠᠨ ᠭᠠᠵᠠᠷ ᠢ ᠡᠵᠡᠯᠡᠵᠦ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠬᠦ ᠶᠢ ᠴᠢᠩᠭ᠎ᠠ ᠬᠤᠷᠢᠨ᠎ᠠ᠃    ᠵᠢᠷᠭᠤᠭ᠎ᠠ ᠳᠤ᠂ ᠬᠠᠤᠯᠢ ᠶᠢ ᠵᠦᠷᠢᠴᠡᠵᠤ ᠲᠦᠷᠢᠮ ᠢ ᠵᠦᠷᠢᠴᠡᠨ ᠭᠠᠵᠠᠷ ᠬᠡᠷᠡᠭᠯᠡᠬᠦ ᠶᠢ ᠵᠦᠪᠰᠢᠶᠡᠷᠡᠬᠦ ᠶᠢ ᠴᠢᠩᠭ᠎ᠠ ᠬᠤᠷᠢᠨ᠎ᠠ᠃    ︽ᠮᠡᠲᠡᠭᠲᠡᠯ︾ ᠳᠤ ᠵᠢᠭᠠᠬᠤ ᠳᠠᠭᠠᠨ᠄  ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠬᠦᠯᠦᠨ᠂ ᠲᠦᠷᠢᠮ ᠢ ᠵᠦᠷᠢᠴᠡᠨ ᠲᠠᠷᠢᠶᠠᠨ ᠭᠠᠵᠠᠷ ᠢ ᠡᠵᠡᠯᠡᠵᠦ ᠤᠢ ᠮᠤᠳᠤ ᠲᠠᠷᠢᠵᠤ ᠨᠤᠭᠤᠭᠠᠷᠠᠭᠤᠯᠤᠬᠰᠠᠨ᠂ ᠨᠠᠭᠤᠷ ᠢ ᠤᠬᠤᠵᠤ ᠦᠵᠡᠮᠵᠢ ᠶᠢᠨ ᠭᠠᠵᠠᠷ ᠪᠠᠶᠢᠭᠤᠯᠤᠬᠰᠠᠨ᠂ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠭᠰᠡᠨ ᠭᠡᠬᠦ ᠮᠡᠲᠦ ᠶᠢᠨ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ   ᠪᠤᠯᠭᠠᠬᠰᠠᠨ︾ ᠦᠢᠯᠡ ᠠᠵᠢᠯᠯᠠᠭ᠎ᠠ ᠶᠢ ᠮᠤᠵᠢ ᠶᠢᠨ ᠲᠡᠰ ᠤᠨ ᠵᠠᠰᠠᠭ ᠤᠨ ᠤᠷᠲᠤᠨ ᠤ ᠲᠠᠷᠢᠶᠠᠨ ᠭᠠᠵᠠᠷ ᠢ  ᠬᠠᠮᠠᠭᠠᠯᠠᠬᠰᠠᠨ ᠬᠠᠷᠢᠭᠤᠴᠠᠯᠭ᠎ᠠ ᠶᠢᠨ ᠬᠠᠷᠠᠯᠲᠠ ᠶᠢ ᠰᠢᠯᠭᠠᠨ ᠪᠠᠶᠢᠴᠠᠭᠠᠬᠤ ᠠᠭᠤᠯᠭ᠎ᠠ ᠳᠤ ᠤᠷᠤᠭᠤᠯᠤᠨ᠎ᠠ  ᠭᠡᠵᠡᠢ᠃      ︽ ᠮᠡᠲᠡᠭᠲᠡᠯ︾ ᠳᠤ ᠴᠢᠩᠳᠠᠯᠠᠬᠤ ᠳᠠᠭᠠᠨ᠄ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠬᠠᠲᠠᠭᠤ ᠨᠠᠶᠢᠲᠠᠪᠤᠷᠢᠵᠢᠭᠤᠯᠬᠤ ᠬᠡᠷᠡᠭᠲᠡᠢ᠃ ᠤᠷᠤᠨ ᠭᠠᠵᠠᠷ ᠤᠨ ᠠᠷᠠᠳ ᠤᠨ ᠵᠠᠰᠠᠭ ᠤᠨ ᠤᠷᠲᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠲᠤᠰ ᠵᠠᠰᠠᠭ ᠵᠠᠬᠢᠷᠭᠠᠨ ᠤ ᠤᠷᠤᠨ ᠪᠦᠰᠡ ᠶᠢᠨ ᠢᠶᠠᠨ ᠲᠤᠲᠤᠷᠠᠬᠢ ᠲᠠᠷᠢᠶᠠᠨ ᠭᠠᠵᠠᠷ ᠤᠨ ᠪᠠᠳᠤᠯᠠᠬᠤ ᠬᠡᠮᠵᠢᠶ᠎ᠡ ᠪᠠ ᠪᠠᠶᠢᠩᠭᠤ ᠶᠢᠨ ᠦᠨᠳᠦᠰᠦᠨ ᠲᠠᠷᠢᠶᠠᠨ ᠭᠠᠵᠠᠷ ᠤᠨ ᠲᠠᠯᠠᠪᠠᠢ ᠵᠢᠴᠢ ᠤᠨ ᠲᠤᠲᠤᠮ ᠤᠨ ᠲᠦᠯᠦᠪᠯᠡᠭᠡ ᠶᠢᠨ ᠬᠡᠷᠡᠭᠵᠢᠭᠰᠡᠨ ᠪᠠᠶᠢᠲᠠᠯ ᠳᠤ ᠶᠡᠷᠦᠩᠬᠡᠢ ᠬᠠᠷᠢᠭᠤᠴᠠᠯᠭ᠎ᠠ ᠡᠬᠦᠷᠬᠦ ᠶᠤᠰᠤᠲᠠᠢ᠃ ᠨᠡᠮ ᠤᠨ ᠬᠤᠷᠢᠶ᠎ᠠ ᠤᠳᠤᠷᠢᠳᠴᠤ᠂ ᠵᠠᠰᠠᠭ ᠤᠨ ᠤᠷᠲᠤᠨ  ᠬᠠᠷᠢᠭᠤᠴᠠᠵᠤ᠂ ᠰᠠᠯᠠᠭ᠎ᠠ ᠮᠦᠴᠢᠷ ᠬᠤᠷᠰᠢᠨ ᠬᠠᠮᠲᠤᠷᠠᠯᠴᠠᠵᠤ᠂ ᠨᠠᠶᠢᠲᠠ ᠤᠯᠠᠨ ᠢᠶᠠᠷ ᠢᠶᠠᠨ ᠤᠷᠤᠯᠴᠠᠨ᠂  ᠲᠡᠭᠡᠲᠦ ᠲᠤᠤᠷᠠᠳᠤ ᠱᠠᠳᠤ ᠬᠤᠯᠪᠤᠭᠠᠯᠠᠨ ᠬᠦᠲᠡᠯᠦᠯᠴᠡᠭᠰᠡᠨ ᠬᠠᠮᠳᠤᠪᠠᠷ ᠬᠠᠷᠢᠭᠤᠴᠠᠬᠤ ᠲᠤᠭᠲᠠᠴᠠ ᠶᠢ ᠪᠦᠷᠢᠨᠰᠢᠬᠦᠯᠦᠨ᠂ ᠲᠤᠰᠢᠶᠠᠯ ᠲᠠᠭᠠᠭᠠᠯᠭᠠᠪᠤᠷᠢ ᠳᠠᠭᠠᠨ ᠬᠤᠶᠢᠷᠭᠤ᠂ ᠬᠢᠨᠠᠯᠲᠠ ᠬᠠᠨᠢᠶᠠᠷᠤᠯᠲᠠ ᠴᠢᠩᠭ᠎ᠠ ᠪᠤᠰᠤ᠂  ᠲᠤᠰᠢᠶᠠᠯ ᠳᠠᠭᠠᠨ ᠴᠠᠯᠭᠠᠶᠢᠲᠠᠬᠰᠠᠨ ᠪᠤᠶᠤ ᠲᠤᠰᠢᠶᠠᠯ ᠳᠠᠭᠠᠨ ᠬᠤᠶᠢᠷᠭᠤᠰᠢᠬᠰᠠᠨ ᠤᠳᠤᠷᠢᠳᠤᠯᠭ᠎ᠠ ᠠᠴᠠ ᠰᠠᠬᠢᠯᠭ᠎ᠠ ᠪᠠᠳᠤ ᠲᠦᠷᠢᠮ ᠲᠤᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠡᠯ᠎ᠡ ᠭᠠᠵᠠᠷ ᠤᠷᠤᠨ ᠤ ᠬᠢᠨ ᠬᠠᠮᠢᠶ᠎ᠠ ᠪᠦᠬᠦᠢ ᠲᠦᠷᠦ  ᠶᠢᠨ ᠪᠤᠲᠤᠯᠭ᠎ᠠ ᠠᠷᠭ᠎ᠠ ᠬᠡᠮᠵᠢᠶ᠎ᠡ ᠪᠠ ᠲᠤᠭᠲᠠᠭᠠᠬᠤ ᠪᠠ ᠲᠤᠬᠢᠷᠠᠭᠤᠯᠤᠨ ᠲᠡᠬᠦᠯᠲᠡᠷᠵᠢᠬᠦᠯᠦᠨ᠂  ᠲᠤᠰ ᠮᠡᠲᠡᠭᠲᠡᠯ  ᠤᠨ ᠲᠤᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠤᠷᠤ ᠲᠤᠤᠷ᠎ᠠ ᠨᠢ ᠵᠠᠯᠠᠷᠠᠭᠤᠯᠵᠤ᠂ ᠰᠢᠨ᠎ᠡ ᠠᠰᠠᠭᠤᠲᠠᠯ ᠡᠬᠦᠰᠬᠦ ᠶᠢ ᠡᠷᠡᠰ ᠬᠤᠷᠢᠬᠯᠠᠨ ᠵᠤᠬᠰᠤᠭᠠᠬᠤ ᠬᠡᠷᠡᠭᠲᠡᠢ  ᠭᠡᠵᠡᠢ᠃       http://mongol.people.com.cn/15824286.html
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号