ᠰᠤᠷᠪᠤᠯᠵᠢᠯᠠᠭᠴᠢ ᠯᠢᠦ ᠱᠠ ᠱᠠ | 1993 ᠣᠨ ᠳᠤ᠂ 29 ᠨᠠᠰᠤᠲᠠᠢ ᠦ᠋ ᠬᠠᠢ ᠲᠠᠩ ᠨᠥᠬᠦᠷ ᠵᠣᠬᠢᠶᠠᠨ ᠪᠠᠶᠢᠭᠤᠯᠤᠯᠲᠠ ᠶᠢᠨ ᠲᠣᠮᠢᠯᠠᠯᠲᠠ ᠪᠠᠷ ᠬᠥᠬᠡᠬᠤᠲᠠ ᠶᠢᠨ ᠮᠣᠩᠭᠤᠯ | ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ ᠬᠦᠷᠴᠦ ᠴᠡᠴᠡᠷᠯᠢᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ ᠰᠤᠷᠭᠠᠭᠤᠯᠢ ᠶᠢᠨ ᠬᠦᠷᠢᠶᠡᠨ ᠳᠤ | ᠤᠷᠤᠭᠰᠠᠨ ᠲᠡᠷᠡ ᠡᠳᠦᠷ᠄ ︽ᠴᠡᠴᠡᠷᠯᠢᠭ ᠲᠤ ᠤᠷᠤᠭᠰᠠᠨ ᠬᠡᠤᠬᠡᠳ ᠨᠢᠭᠡᠪᠦᠷᠢ ᠳᠤ ᠪᠦᠷ ᠬᠠᠮᠤᠭ ᠤᠨ ᠰᠢᠯᠢᠳᠡᠭ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠬᠦᠷᠲᠡᠭᠡᠵᠦ᠂ ᠡᠷᠡᠭᠦᠯ ᠴᠢᠭᠢᠷᠠᠭ᠂ ᠪᠠᠶᠠᠷ ᠬᠥᠷ ᠲᠠᠢ ᠦᠰᠭᠡᠨ ᠪᠤᠶᠢᠵᠢᠭᠤᠯᠬᠤ ᠬᠡᠷᠡᠭᠲᠡᠶ︾ ᠭᠡᠵᠦ ᠰᠡᠳᠬᠢᠯ ᠳᠡᠭᠡᠨ ᠰᠡᠮ ᠵᠤᠷᠢᠭᠯᠠᠵᠠᠢ᠃ | ᠦᠨᠳᠦᠰᠦᠲᠡᠨ ᠤ ᠬᠡᠦᠬᠡᠳ ᠤᠨ ᠰᠤᠷᠭᠠᠨ ᠬᠦᠮᠦᠵᠢᠯ ᠢ ᠡᠷᠬᠢᠯᠡᠭᠰᠡᠨ 35 ᠵᠢᠯ ᠤᠨ ᠲᠤᠷᠰᠢ᠂ ᠥᠪᠡᠷ ᠤᠨ ᠬᠦᠰᠡᠯ ᠡᠷᠡᠮᠡᠯᠵᠡᠯ ᠢᠶᠠᠨ ᠪᠡᠶᠡᠯᠡᠭᠦᠯᠬᠦ ᠶᠢᠨ | ᠲᠥᠯᠥᠭᠡ ᠦ᠋ ᠬᠠᠶ ᠲᠠᠩ ︽ᠡᠷᠡᠭᠦᠯ ᠴᠢᠭᠢᠷᠠᠭ᠂ ᠰᠣᠳᠣ ᠮᠡᠷᠭᠡᠨ᠂ ᠪᠦᠲᠦᠭᠡᠯᠴᠢ ᠴᠢᠨᠠᠷ ᠲᠠᠢ ᠰᠢᠨ᠎ᠡ ᠨᠢᠭᠡ ᠦᠶ᠎ᠡ ᠶᠢᠨ ᠮᠤᠩᠭᠤᠯ ᠦᠨᠳᠦᠰᠦᠲᠡᠨ ᠤ | ᠬᠡᠤᠬᠡᠳ ᠢ ᠬᠥᠮᠦᠵᠢᠭᠦᠯᠬᠦ︾ ᠬᠡᠤᠬᠡᠳ ᠤᠨ ᠴᠡᠴᠡᠷᠯᠢᠭ ᠡᠷᠭᠢᠯᠡᠬᠦ ᠵᠣᠷᠢᠯᠲᠠ ᠶᠢ ᠪᠠᠷᠢᠮᠲᠠᠯᠠᠵᠦ᠂ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ | ᠬᠠᠮᠢᠶᠠᠷᠤᠯᠲᠠ ᠳᠡᠭᠡᠷ᠎ᠡ ᠨᠢᠭᠡ ᠰᠡᠳᠬᠢᠯ ᠢᠶᠠᠷ ᠵᠢᠳᠬᠦᠵᠦ᠂ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠢ ᠲᠠᠰᠤᠷᠠᠯᠲᠠ ᠥᠬᠡᠶ ᠰᠢᠩᠭᠡᠭᠡᠨ ᠠᠪᠴᠤ | ᠂ ᠮᠣᠩᠭᠤᠯ ᠦᠨᠳᠦᠰᠦᠲᠡᠨ ᠤ ᠬᠡᠤᠬᠡᠳ ᠤᠨ ᠣᠶᠤᠨ ᠴᠢᠳᠠᠪᠤᠷᠢ ᠶᠢ ᠨᠡᠭᠡᠭᠡᠨ ᠬᠥᠭᠵᠢᠭᠦᠯᠬᠦ᠂ ᠪᠡᠶ᠎ᠡ ᠰᠡᠳᠬᠢᠴᠡ ᠶᠢᠨ ᠬᠥᠭᠵᠢᠯᠲᠡ ᠳᠤ ᠲᠤᠬᠢᠷᠠᠬᠤ ᠰᠢᠨ᠎ᠡ | ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠬᠠᠶᠢᠨ ᠰᠦᠪᠡᠭᠴᠢᠯᠡᠭᠰᠡᠭᠡᠷ ᠢᠷᠡᠪᠡ᠃ | 2002 ᠣᠨ ᠳᠤ᠂ ᠡᠦ ᠬᠠᠢ ᠲᠠᠩ ᠲᠤᠰ ᠴᠡᠴᠡᠷᠯᠢᠭ ᠤᠨ ᠢᠶᠠᠨ ᠪᠠᠭᠰᠢ ᠨᠠᠷ ᠢ ᠵᠣᠬᠢᠶᠠᠨ ᠪᠠᠶᠢᠭᠤᠯᠵᠤ ︽ᠬᠤᠲᠠ ᠪᠠᠯᠭᠠᠰᠤᠨ ᠤ ᠮᠣᠩᠭᠤᠯ | ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ ᠪᠠᠭᠰᠢ ᠨᠠᠷ ᠲᠤ ᠬᠡᠷᠡᠭᠯᠡᠬᠦ ᠨᠣᠮ — ᠮᠣᠩᠭᠤᠯ ᠪᠢᠴᠢᠭ︾ ᠢ ᠨᠠᠶᠢᠷᠠᠭᠤᠯᠤᠨ ᠬᠡᠪᠯᠡᠭᠦᠯᠵᠦ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠶᠠᠳᠤᠭᠠᠷ ᠳᠡᠰ ᠤᠨ ᠱᠠᠩᠨᠠᠯ ᠢ ᠬᠦᠷᠳᠡᠪᠡ︔ ᠲᠣᠰ ᠵᠢᠯ ᠳᠤ ᠪᠠᠰᠠ | ︽ᠬᠡᠤᠬᠡᠳ ᠤᠨ ᠰᠤᠷᠤᠯᠭ᠎ᠠ ᠶᠢᠨ ᠪᠠᠭᠠᠵᠢ ᠶᠢᠨ ᠵᠢᠭᠠᠨ ᠰᠤᠷᠭᠠᠬᠤ ᠠᠷᠭ᠎ᠠ︾ ᠶᠢ ᠰᠤᠳᠤᠯᠤᠨ ᠨᠡᠭᠡᠭᠡᠵᠦ᠂ ᠬᠥᠬᠡᠬᠤᠲᠠ ᠶᠢᠨ ᠮᠣᠩᠭᠤᠯ ᠦᠨᠳᠦᠰᠦᠲᠡᠨ ᠤ | ᠬᠡᠤᠬᠡᠳ ᠤᠨ ᠴᠡᠴᠡᠷᠯᠢᠭ ᠢ ᠪᠥᠬᠦ ᠤᠯᠤᠰ ᠤᠨ ᠰᠤᠷᠭᠠᠨ ᠬᠦᠮᠤᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠰᠡᠳᠦᠪ ᠬᠡᠤᠬᠡᠳ ᠤᠨ | ᠴᠡᠴᠡᠷᠯᠢᠭ ᠤᠨ ᠰᠤᠷᠤᠯᠭ᠎ᠠ ᠶᠢᠨ ᠪᠠᠭᠠᠵᠢ ᠶᠢᠨ ᠵᠢᠭᠠᠨ ᠰᠤᠷᠭᠠᠬᠤ ᠠᠷᠭ᠎ᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠪᠠ︔ 2003 | ᠣᠨ ᠳᠤ᠂ ᠲᠡᠷᠡ ᠡᠬᠡ ᠬᠠᠭᠤᠷᠠᠢ ᠪᠣᠯᠤᠨ ᠰᠢᠶᠠᠩᠭᠠᠩ ᠤᠨ ︽ᠤᠯᠠᠨ ᠡᠰᠢᠲᠦ ᠤᠶᠤᠨᠲᠤ ᠪᠦᠲᠦᠭᠡᠯᠴᠢ ᠬᠢᠴᠢᠶᠡᠯ︾ ᠤᠨ ᠰᠡᠳᠦᠪ ᠤᠨ ᠰᠤᠳᠤᠯᠭᠠᠨ ᠤ | ᠡᠭᠦᠷᠭᠡ ᠶᠢ ᠡᠭᠦᠷᠭᠡᠯᠡᠪᠡ︔ 2007 ᠣᠨ ᠳᠤ᠂ ᠲᠡᠷᠡ ᠥᠪᠡᠷᠲᠡᠭᠡᠨ ᠵᠠᠰᠠᠬᠤ ᠣᠷᠣᠨ ᠤ ︽ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠤᠨ | ᠬᠢᠴᠢᠶᠡᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ︾ ᠠᠷᠠᠳ ᠤᠨ ᠰᠣᠶᠣᠯ᠂ ᠤᠷᠠᠯᠢᠭ ᠤᠨ ᠰᠤᠷᠭᠠᠨ ᠬᠥᠮᠦᠵᠢᠯ ᠤᠨ ᠬᠡᠰᠡᠭ ᠰᠤᠳᠤᠯᠭᠠᠨ ᠤ ᠡᠭᠦᠷᠭᠡ ᠶᠢ | ᠡᠭᠦᠷᠭᠡᠯᠡᠪᠡ᠃ 2008 ᠣᠨ ᠳᠤ᠂ ᠲᠡᠷᠡ ᠳᠤᠮᠳᠠᠳᠤ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠳᠤᠯᠭᠠᠨ ᠤ | ᠨᠡᠶᠢᠭᠡᠮᠯᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠰᠤᠳᠤᠯᠭᠠᠨ ᠤ ᠰᠡᠳᠦᠪ ︽ᠬᠤᠲᠠ ᠶᠢᠨ ᠮᠣᠩᠭᠤᠯ ᠦᠨᠳᠦᠰᠦᠲᠡᠨ ᠤ ᠡᠬᠡ ᠬᠡᠯᠡᠨ ᠤ ᠢᠯᠡᠳᠬᠡᠬᠦ | ᠴᠢᠳᠠᠪᠤᠷᠢ ᠶᠢ ᠳᠡᠭᠡᠭᠰᠢᠯᠡᠭᠦᠯᠬᠦ ᠰᠤᠳᠤᠯᠤᠯ︾ ᠢ ᠡᠭᠦᠷᠭᠡᠯᠡᠵᠦ᠂ ᠪᠠᠰᠠ ︽ᠪᠠᠯᠴᠢᠷ ᠬᠡᠦᠬᠡᠳ ᠤᠨ ᠮᠣᠩᠭᠤᠯ ᠬᠡᠯᠡᠨ ᠤ ᠰᠤᠷᠭᠠᠨ ᠬᠥᠮᠦᠵᠢᠯ ᠤᠨ ᠡᠬᠢ ᠪᠠᠶᠠᠯᠢᠭ︾ | ᠭᠡᠬᠦ ᠬᠢᠴᠢᠶᠡᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠬᠡᠪᠯᠡᠬᠦᠯᠵᠦ ᠨᠠᠢᠮᠠᠨ ᠮᠤᠵᠢ ᠣᠷᠣᠨ ᠤ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠲᠤ | ᠬᠡᠷᠡᠭᠯᠡᠭᠦᠯᠵᠦ᠂ ᠤᠯᠤᠰ ᠤᠨ ᠲᠤᠲᠤᠭᠠᠳᠤ ᠶᠢᠨ ᠬᠡᠦᠬᠡᠳ ᠤᠨ ᠮᠣᠩᠭᠤᠯ ᠬᠡᠯᠡᠨ ᠤ ᠬᠢᠴᠢᠶᠡᠯ ᠤᠨ ᠬᠤᠭᠤᠰᠣᠨ ᠢ ᠨᠥᠬᠦᠪᠥᠷᠢᠯᠡᠵᠡᠢ᠃ | ᠴᠡᠴᠡᠷᠯᠢᠭ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠨᠢ ᠪᠠᠰᠠ ᠡᠦ ᠬᠠᠢ ᠳᠠᠩ ᠤᠨ ᠰᠡᠳᠬᠢᠯ ᠳᠠᠬᠢ ᠶᠡᠭᠡ ᠶᠠᠪᠤᠳᠠᠯ᠂ ᠴᠢᠬᠤᠯᠠ ᠶᠠᠪᠤᠳᠠᠯ ᠪᠤᠯᠵᠦ | ᠪᠠᠶᠢᠯ᠎ᠠ᠃ ︽ᠬᠡᠤᠬᠡᠳ ᠤᠨ ᠴᠡᠴᠡᠷᠯᠢᠭ ᠤᠨ ᠣᠷᠴᠢᠨ ᠲᠣᠭᠤᠷᠢᠨ ᠤ ᠰᠠᠶᠢᠨ ᠮᠠᠭᠤ ᠨᠢ ᠬᠡᠤᠬᠡᠳ ᠤᠨ ᠴᠡᠴᠡᠷᠯᠢᠭ ᠤᠨ ᠬᠡᠤᠬᠡᠳ ᠲᠤ ᠬᠠᠩᠭᠠᠭᠰᠠᠨ | ᠬᠥᠭᠵᠢᠯᠲᠡ ᠶᠢᠨ ᠣᠷᠣᠨ ᠵᠠᠶ ᠶᠢᠨ ᠶᠡᠭᠡ ᠪᠠᠭ᠎ᠠ ᠶᠢ ᠲᠣᠭᠲᠠᠭᠠᠨ᠎ᠠ᠃ ᠬᠡᠤᠬᠡᠳ ᠤᠨ ᠴᠡᠴᠡᠷᠯᠢᠭ ᠤᠨ ᠨᠥᠬᠦᠴᠡᠯ ᠢ ᠰᠠᠶᠢᠵᠢᠷᠠᠭᠤᠯᠬᠤ ᠶᠢᠨ ᠲᠥᠯᠥᠭᠡ᠂ ᠡᠤ ᠬᠠᠶ | ᠲᠠᠩ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠪᠡᠯᠡ ᠮᠥᠩᠭᠦ ᠶᠢ ᠴᠢᠷᠮᠠᠶᠢᠨ ᠣᠯᠵᠤ᠂ 2007 ᠣᠨ ᠳᠤ ᠤᠷᠢᠳ ᠬᠤᠵᠢᠳ 3500 ᠲᠦᠮᠡᠨ | ᠲᠥᠭᠦᠷᠢᠭ ᠤᠨ ᠪᠡᠯᠡ ᠮᠥᠩᠭᠦ ᠴᠤᠭᠯᠠᠭᠤᠯᠤᠨ 6200 ᠲᠡᠭᠰᠢ ᠳᠥᠷᠪᠡᠯᠵᠢᠨ ᠮᠧᠲᠷ ᠤᠨ ᠵᠢᠭᠠᠨ ᠰᠤᠷᠭᠠᠬᠤ ᠠᠰᠠᠷ ᠢ ᠥᠷᠭᠡᠳᠬᠡᠨ ᠪᠠᠶᠢᠭᠤᠯᠵᠠᠶ᠃ | ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠢ ᠨᠢᠭᠡ ᠯᠡ ᠳᠡᠭᠡᠷ᠎ᠡ 18 ᠵᠢᠭᠠᠨ ᠰᠤᠷᠭᠠᠬᠤ ᠠᠩᠭᠢ ᠶᠢᠨ 700 ᠭᠠᠷᠤᠶ ᠮᠣᠩᠭᠤᠯ | ᠦᠨᠳᠦᠰᠦᠲᠡᠨ ᠤ ᠬᠡᠤᠬᠡᠳ ᠲᠠᠢ᠂ ᠦᠨᠳᠦᠰᠦᠲᠡᠨ ᠤ ᠣᠨᠴᠠᠯᠢᠭ ᠲᠠᠢ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠬᠡᠤᠬᠡᠳ ᠤᠨ | ᠴᠡᠴᠡᠷᠯᠢᠭ ᠪᠤᠯᠭᠠᠵᠠᠢ᠃ ᠡᠭᠦᠨ ᠠᠴᠠ ᠰᠡᠭᠦᠯᠡᠷ᠂ ᠮᠠᠨ ᠤ ᠬᠤᠲᠠ ᠶᠢᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠮᠣᠩᠭᠤᠯ ᠦᠨᠳᠦᠰᠦᠲᠡᠨ ᠤ ᠬᠡᠤᠬᠡᠳ | ᠴᠡᠴᠡᠷᠯᠢᠭ ᠲᠤ ᠣᠷᠣᠬᠤ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠦ᠋ ᠬᠠᠶ ᠲᠠᠩ ᠰᠠᠶᠢᠬᠠᠨ ᠲᠤᠭᠤᠷᠢᠭ ᠤᠨ ᠵᠠᠰᠠᠭ ᠤᠨ ᠣᠷᠳᠣᠨ ᠲᠠᠢ ᠢᠳᠡᠪᠬᠢᠲᠡᠶ | ᠵᠣᠬᠢᠴᠠᠯᠳᠤᠨ 2013 ᠣᠨ ᠳᠤ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠡᠮᠦᠨ᠎ᠡ ᠬᠦᠷᠢᠶᠡᠯᠡᠩ ᠲᠣᠭᠤᠷᠢᠭ ᠢ ᠨᠡᠮᠡᠵᠦ | ᠪᠠᠶᠢᠭᠤᠯᠪᠠ᠃ ᠰᠢᠨ᠎ᠡ ᠬᠦᠷᠢᠶᠡᠯᠡᠩ ᠲᠣᠭᠤᠷᠢᠭ ᠤᠨ ᠡᠵᠡᠯᠡᠬᠦ ᠲᠠᠯᠠᠪᠠᠢ 30075 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠶ 23480 ᠲᠡᠭᠰᠢ | ᠳᠥᠷᠪᠡᠯᠵᠢᠨ ᠮᠧᠲᠷ᠂ 1.24 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠵᠦ᠂ 2016 ᠣᠨ ᠤ 11 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ | ᠠᠰᠢᠭᠯᠠᠯᠲᠠ ᠳᠤ ᠤᠷᠤᠭᠤᠯᠤᠭᠰᠠᠨ ᠪᠠᠶᠢᠨ᠎ᠠ᠃ ᠢᠩᠭᠢᠭᠡᠳ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ ᠨᠢ ᠨᠢᠭᠡ ᠴᠡᠴᠡᠷᠯᠢᠭ | ᠬᠤᠶᠠᠷ ᠭᠠᠵᠠᠷ ᠪᠣᠯᠤᠨ ᠬᠥᠭᠵᠢᠵᠦ᠂ ᠨᠡᠶᠢᠲᠡ 46 ᠵᠢᠭᠠᠨ ᠰᠤᠷᠭᠠᠬᠤ ᠠᠩᠭᠢ ᠶᠢᠨ 1861 ᠬᠡᠤᠬᠡᠳ ᠲᠠᠢ ᠪᠤᠯᠵᠦ᠂ ᠣᠷᠣᠨ ᠤ ᠲᠥᠪ ᠳᠠᠬᠢ | ᠰᠤᠷᠭᠠᠭᠤᠯᠢ ᠡᠷᠭᠢᠯᠡᠬᠦ ᠨᠥᠬᠦᠴᠡᠯ᠂ ᠰᠤᠷᠭᠠᠭᠤᠯᠢ ᠡᠷᠭᠢᠯᠡᠬᠦ ᠶᠠᠰᠤ ᠴᠢᠨᠠᠷ ᠢᠶᠠᠷ ᠲᠡᠷᠢᠭᠦᠨ ᠵᠡᠷᠭᠡ ᠶᠢᠨ ᠲᠣᠮᠣ ᠬᠡᠯᠪᠡᠷᠢ ᠶᠢᠨ ᠦᠨᠳᠦᠰᠦᠲᠡᠨ ᠤ ᠣᠨᠴᠠᠯᠢᠭ ᠲᠠᠢ | ᠬᠡᠤᠬᠡᠳ ᠤᠨ ᠴᠡᠴᠡᠷᠯᠢᠭ ᠪᠤᠯᠭᠠᠨ ᠪᠠᠶᠢᠭᠤᠯᠵᠠᠢ᠃ ᠤᠳᠤ᠂ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠶᠠᠭ ᠯᠠ ᠬᠥᠮᠦᠨ ᠢ | ᠬᠥᠮᠦᠵᠢᠭᠦᠯᠬᠦ ᠴᠡᠩᠭᠡᠯ ᠤᠨ ᠣᠷᠣᠨ ᠪᠤᠯᠵᠦ᠂ ᠦᠨᠳᠦᠰᠦᠲᠡᠨ ᠤ ᠰᠤᠷᠭᠠᠨ ᠬᠥᠮᠦᠵᠢᠯ ᠤᠨ ᠠᠭᠤᠷ ᠠᠮᠢᠰᠬᠤᠯ ᠭᠠᠵᠠᠷ ᠪᠣᠯᠭᠠᠨ ᠳᠤ ᠪᠢᠯᠬᠠᠵᠤ ᠂ ᠬᠡᠤᠬᠡᠳ | ᠤᠳ ᠪᠠᠶᠠᠷ ᠬᠥᠷ ᠲᠠᠢ ᠪᠠᠷ ᠠᠮᠢᠳᠤᠷᠠᠵᠤ᠂ ᠪᠠᠶᠠᠷ ᠬᠥᠷ ᠲᠠᠢ ᠪᠠᠷ ᠦᠰᠦᠨ ᠪᠤᠶᠢᠵᠢᠵᠦ ᠪᠠᠶᠢᠨ᠎ᠠ᠃ | ᠡᠤ ᠬᠠᠶ ᠲᠠᠩ ᠤᠨ ᠳᠠᠭᠠᠭᠤᠯᠭ᠎ᠠ ᠳᠣᠤᠷ᠎ᠠ᠂ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠤᠷᠢᠳ ᠬᠤᠵᠢᠳ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠡ᠂ | ᠬᠥᠬᠡᠬᠤᠲᠠ ᠶᠢᠨ ᠬᠡᠦᠬᠡᠳ ᠤᠨ ᠰᠤᠷᠭᠠᠨ ᠬᠥᠮᠦᠵᠢᠯ ᠤᠨ ᠲᠡᠷᠢᠭᠦᠨ ᠤ ᠬᠠᠮᠲᠤ᠂ ᠬᠥᠬᠡᠬᠤᠲᠠ ᠶᠢᠨ ︽ᠬᠠᠮᠤᠭ ᠤᠨ ᠭᠤᠶᠤ ᠬᠡᠦᠬᠡᠳ ᠤᠨ ᠴᠡᠩᠭᠡᠯ ᠤᠨ | ᠬᠦᠷᠢᠶᠡᠯᠡᠩ︾᠂ ᠬᠥᠬᠡᠬᠤᠲᠠ ᠶᠢᠨ ᠦᠨᠳᠦᠰᠦᠲᠡᠨ ᠤ ᠰᠤᠷᠭᠠᠭᠤᠯᠢ ᠶᠢᠨ5A ᠳᠡᠰ ᠤᠨ ᠬᠠᠮᠢᠶᠠᠷᠤᠯᠲᠠ ᠶᠢᠨ ᠨᠢᠭᠡᠴᠡ᠂ ᠬᠥᠬᠡᠬᠤᠲᠠ ᠶᠢᠨ ᠠᠷᠢᠭᠤᠨ | ᠲᠠᠩᠰᠤᠭ ᠠᠮᠢ ᠠᠬᠤᠶᠢᠳᠤ ᠰᠤᠷᠭᠠᠭᠤᠯᠢ ᠶᠢᠨ ᠬᠦᠷᠢᠶ᠎ᠡ᠂ ᠤᠯᠠᠭᠠᠨᠬᠦᠦ ᠶᠢᠨ ᠮᠣᠩᠭᠤᠯ ᠦᠭᠡ ᠬᠡᠯᠡ ᠦᠰᠦᠭ ᠪᠢᠴᠢᠭ ᠤᠨ ᠱᠠᠩᠨᠠᠯᠳᠤ ᠲᠡᠷᠢᠭᠦᠨ ᠤ ᠬᠠᠮᠲᠤ᠂ | ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠬᠡᠯᠪᠡᠷᠢ ᠶᠢᠨ ᠨᠢᠭᠡᠴᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠪᠡ᠃ ᠡᠦ ᠬᠠᠢ ᠲᠠᠩ ᠤᠨ ᠬᠤᠪᠢ ᠪᠡᠶ᠎ᠡ ᠨᠢ ᠪᠠᠰᠠ ᠪᠦᠬᠦ ᠤᠯᠤᠰ ᠤᠨ ᠰᠢᠯᠢᠳᠡᠭ ᠪᠠᠭᠰᠢ | ᠂ ᠪᠦᠬᠦ ᠤᠯᠤᠰ ᠤᠨ ︽5 · 1︾ ᠤ ᠬᠦᠳᠡᠯᠮᠤᠷᠢ ᠶᠢᠨ ᠱᠠᠩᠨᠠᠯ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ᠂ | ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠭᠠᠪᠢᠶ᠎ᠠ ᠪᠠᠶᠢᠭᠤᠯᠤᠭᠰᠠᠨ ᠵᠢᠱᠢᠶᠡᠴᠢ᠂ ᠬᠥᠬᠡᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ | ᠬᠥᠳᠡᠯᠮᠦᠷᠢ ᠶᠢᠨ ᠵᠢᠱᠢᠶᠡᠴᠢ᠂ ᠬᠥᠬᠡᠬᠤᠲᠠ ᠶᠢᠨ ᠭᠤᠷᠪᠠᠳᠤᠭᠠᠷ ᠪᠦᠯᠦᠭ ᠤᠨ ᠲᠤᠰᠬᠠᠢ ᠮᠡᠷᠭᠡᠵᠢᠯ ᠤᠨ ᠣᠷᠦ᠋ᠢᠯᠠᠭᠰᠠᠨ ᠴᠢᠳᠠᠪᠤᠷᠢᠲᠠᠨ᠂ ᠰᠠᠶᠢᠬᠠᠨ | ᠲᠣᠭᠤᠷᠢᠭ ᠤᠨ ︽ᠰᠢᠯᠢᠳᠡᠭ ᠵᠠᠬᠢᠷᠤᠯ︾᠂ ᠬᠥᠬᠡᠬᠤᠲᠠ ᠶᠢᠨ ᠰᠤᠷᠭᠠᠨ ᠬᠥᠮᠦᠵᠢᠯ ᠤᠨ ᠲᠤᠪᠴᠢᠶ᠎ᠠ ᠶᠢᠨ ︽ᠰᠢᠯᠢᠳᠡᠭ ᠵᠠᠬᠢᠷᠤᠯ︾ ᠵᠡᠷᠭᠡ ᠤᠯᠠᠨ ᠵᠦᠢᠯ ᠤᠨ | ᠱᠠᠩᠨᠠᠯ ᠪᠠ ᠢᠷᠠᠭᠤ ᠠᠯᠳᠠᠷ ᠢᠶᠠᠷ ᠬᠦᠷᠲᠡᠪᠡ᠃ | 35 ᠵᠢᠯ ᠤᠨ ᠲᠤᠷᠰᠢ᠂ ᠡᠦ ᠬᠠᠢ ᠳᠠᠩ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠳᠤᠷᠠᠲᠠᠶ᠎ᠠ ᠬᠤᠪᠢ ᠨᠡᠮᠡᠷᠢ ᠪᠠᠨ ᠦᠵᠡᠭᠦᠯᠵᠦ᠂ | ᠦᠨᠳᠦᠰᠦᠲᠡᠨ ᠤ ᠬᠡᠦᠬᠡᠳ ᠤᠨ ᠰᠤᠷᠭᠠᠨ ᠬᠥᠮᠦᠵᠢᠯ ᠤᠨ ᠠᠵᠢᠯ ᠤᠨ ᠥᠭᠡᠷᠡᠴᠢᠯᠡᠯᠲᠡ ᠬᠥᠭᠵᠢᠯᠲᠡ ᠪᠠ ᠲᠦᠭ ᠲᠦᠮᠡᠨ ᠮᠤᠩᠭᠤᠯ ᠦᠨᠳᠦᠰᠦᠲᠡᠨ ᠤ | ᠬᠡᠦᠬᠡᠳ ᠤᠨ ᠡᠷᠡᠭᠦᠯ ᠴᠢᠭᠢᠷᠠᠭ ᠪᠠᠶᠠᠷ ᠪᠠᠶᠠᠰᠬᠤᠯᠠᠩ ᠲᠠᠢ ᠦᠰᠦᠨ ᠪᠤᠶᠢᠵᠢᠬᠤ ᠳᠤ ᠵᠠᠯᠠᠭᠤ ᠨᠠᠰᠤ ᠪᠠᠨ ᠵᠣᠷᠢᠭᠤᠯᠵᠤ᠂ ᠨᠢᠯᠬ᠎ᠠ ᠬᠡᠦᠬᠡᠳ᠂ ᠭᠡᠷ ᠤᠨ ᠠᠬᠠᠮᠠᠳ | ᠂ ᠪᠠᠭᠰᠢ ᠠᠵᠢᠯᠲᠠᠨ ᠤ ᠪᠢᠰᠢᠷᠡᠯ ᠪᠠ ᠬᠠᠶᠢᠷ᠎ᠠ ᠬᠦᠨᠳᠦᠳᠬᠡᠯ ᠢ ᠣᠯᠵᠤ᠂ ᠲᠡᠭᠦᠨ ᠤ ᠠᠵᠢᠯ ᠦᠢᠯᠡᠰ ᠤᠨ ᠠᠮᠵᠢᠯᠲᠠ ᠪᠠ ᠬᠤᠪᠢ ᠬᠥᠮᠦᠨ ᠤ ᠠᠪᠢᠶᠠᠰ | ᠴᠢᠳᠠᠪᠤᠷᠢ ᠨᠢ ᠨᠡᠶᠢᠭᠡᠮ ᠳᠤ ᠮᠡᠳᠡᠷᠡᠭᠳᠡᠵᠡᠢ ᠃ | http://mongol.people.com.cn/15824293.html |