ᠰᠢᠨ᠎ᠡ ᠬᠤᠲᠠ ᠲᠣᠭᠤᠷᠢᠭ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ︽ᠬᠤᠶᠠᠷ ᠠᠵᠢᠯᠲᠠᠨ︾ ᠤ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/9/18
      ᠰᠢᠨ᠎ᠡ ᠬᠤᠲᠠ ᠲᠣᠭᠤᠷᠢᠭ ᠤᠨ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠦᠯᠦᠭᠡ᠂ 9 ᠳ᠋ᠦ᠋ᠭᠡᠷ ᠰᠠᠷ᠎ᠠ ᠶᠢᠨ 14 ᠤ ᠡᠳᠦᠷ ᠠᠴᠠ 9 ᠰᠠᠷ᠎ᠠ ᠶᠢᠨ 25 ᠤ ᠡᠳᠦᠷ ᠪᠣᠯᠲᠠᠯ᠎ᠠ᠂ ᠰᠢᠨ᠎ᠡ ᠬᠤᠲᠠ ᠲᠣᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠯᠪᠠᠨ ᠭᠡᠷ ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠰᠢᠨ᠎ᠡ ᠬᠤᠲᠠ ᠲᠣᠭᠤᠷᠢᠭ ᠭᠤᠷᠪᠠᠨ ᠱᠠᠲᠤᠨ ᠤ ᠪᠣᠯᠪᠠᠰᠤᠷᠠᠭᠤᠯᠤᠯ ᠳᠤ ᠣᠷᠣᠯᠴᠠᠵᠤ ᠥᠩᠭᠡᠷᠡᠭᠰᠡᠨ ᠲᠤᠬᠠᠶᠢᠯᠠᠭᠰᠠᠨ ᠠᠵᠢᠯ ᠤᠨ ᠰᠢᠯᠢᠳᠡᠭ ᠠᠵᠢᠯᠲᠠᠨ ᠢ ᠰᠣᠩᠭᠤᠨ ᠲᠣᠮᠢᠯᠠᠵᠤ ᠪᠣᠯᠪᠠᠰᠤᠷᠠᠭᠤᠯᠤᠯ ᠤᠨ ᠯᠧᠺᠲ᠋ᠣᠷ ᠪᠣᠯᠭᠠᠵᠤ᠂ 9 ᠪᠣᠯᠪᠠᠰᠤᠷᠠᠭᠤᠯᠬᠤ ᠳᠤᠭᠤᠶᠢᠯᠠᠩ  ᠬᠤᠪᠢᠶᠠᠵᠤ᠂ ᠪᠤᠷᠤᠬᠤᠰᠢᠭᠤ ᠪᠠᠯᠭᠠᠰᠤ ᠪᠣᠯᠤᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠲᠦᠪᠯᠡᠷᠡᠭᠦᠯᠦᠨ ᠪᠣᠯᠪᠠᠰᠤᠷᠠᠯ ᠬᠢᠵᠦ᠂ ᠰᠢᠨ᠎ᠡ ᠬᠤᠲᠠ ᠲᠣᠭᠤᠷᠢᠭ 3800 ᠨᠡᠷᠡᠰ ᠨᠡᠶᠢᠳᠡᠮ ᠪᠠᠶᠢᠴᠠᠭᠠᠯᠲᠠ ᠶᠢᠨ ᠵᠢᠯᠤᠭᠤᠳᠤᠭᠴᠢ᠂ ᠨᠡᠶᠢᠳᠡᠮ ᠪᠠᠶᠢᠴᠠᠭᠠᠭᠴᠢ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
     ᠲᠤᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠳᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠥᠰᠦᠯ᠂ ᠪᠠᠶᠢᠳᠠᠯ ᠢ ᠣᠶᠢᠯᠠᠭᠠᠬᠤ ᠠᠵᠢᠯ᠂ ᠳᠠᠩᠰᠠᠯᠠᠬᠤ ᠠᠵᠢᠯ᠂ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠬᠤ ᠲᠣᠳᠣᠷᠬᠠᠶᠢᠯᠠᠯᠲᠠ ᠵᠢᠴᠢ ᠭᠦᠢᠴᠡᠳᠭᠡᠯ ᠲᠤᠭ᠎ᠠ ᠶᠢᠨ ᠲᠠᠶᠢᠯᠪᠤᠷᠢᠯᠠᠯᠲᠠ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠨᠠᠷᠢᠨ ᠳᠦᠷᠢᠮ ᠪᠣᠯᠤᠨ ᠲᠤᠭ᠎ᠠ ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ ᠰᠢᠰᠲ᠋ᠧᠮ ᠤᠨ ᠪᠣᠳᠠᠲᠤ ᠠᠵᠢᠯᠯᠠᠭ᠎ᠠ ᠵᠡᠷᠭᠡ ᠲᠠᠯ᠎ᠠ ᠶᠢ  ᠪᠠᠭᠲᠠᠭᠠᠵᠤ᠂ ᠪᠣᠯᠪᠠᠰᠤᠷᠠᠭᠤᠯᠤᠯ ᠨᠢ ᠬᠢᠴᠢᠶᠡᠯ ᠲᠠᠶᠢᠯᠪᠤᠷᠢᠯᠠᠬᠤ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠬᠢᠬᠦ᠂ ᠬᠢᠴᠢᠶᠡᠯ ᠳᠡᠭᠡᠷᠡᠬᠢ ᠰᠢᠯᠭᠠᠯᠲᠠ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠪᠣᠯᠪᠠᠰᠤᠷᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠵᠢᠯᠣᠭᠤᠳᠣᠭᠴᠢ ᠨᠢᠭᠡᠪᠦᠷᠢ ᠪᠣᠯᠤᠨ ᠨᠡᠶᠢᠳᠡᠮ ᠪᠠᠶᠢᠴᠠᠭᠠᠭᠴᠢ ᠶᠢᠨ ᠵᠢᠩᠬᠢᠨᠢ ᠰᠤᠷᠤᠯᠴᠠᠵᠤ᠂ ᠵᠢᠩᠭᠢᠨᠢ ᠴᠢᠳᠠᠵᠣ᠂ ᠴᠢᠩᠭᠢᠨᠢ ᠬᠡᠷᠡᠭᠯᠡᠬᠦ ᠶᠢ ᠪᠠᠲᠤᠯᠠᠵᠤ᠂ ᠳᠠᠷᠠᠭ᠎ᠠ ᠠᠯᠬᠤᠮ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠳᠤ ᠯᠠᠪᠳᠠᠭᠤᠨ ᠪᠠᠲᠤᠲᠠᠶ ᠰᠠᠭᠤᠷᠢ ᠲᠠᠯᠪᠢᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号