ᠶᠢᠨ ᠴᠦᠨ ᠯᠢᠶᠠᠩ ᠨᠠᠷ ᠴᠧᠩ ᠹᠡ ᠺᠣᠮᠫᠠᠨᠢ ᠶᠢᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/9/18
     ᠣᠶᠢᠷ᠎ᠠ ᠳᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠴᠦᠨ ᠯᠢᠶᠠᠩ ᠨᠠᠷ ᠴᠧᠩ ᠹᠠ ᠺᠣᠮᠫᠠᠨᠢ ᠳᠤ ᠬᠦᠷᠴᠦ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠤᠬᠠᠶ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠵᠦ᠂ ᠪᠣᠳᠠᠲᠠᠶ ᠠᠬᠢᠭᠤᠯᠬᠤ ᠠᠷᠭ᠎ᠠ ᠪᠠ ᠠᠵᠢᠯ ᠤᠨ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠷᠧᠨ ᠶᠠᠨ ᠰᠢᠶᠠᠩ ᠪᠠᠷ᠎ᠠ ᠪᠤᠯᠵᠦ ᠪᠠᠶᠢᠴᠠᠭᠠᠨ ᠰᠤᠳᠤᠯᠤᠯᠲᠠ ᠬᠢᠵᠡᠢ᠃      ᠬᠤᠷᠠᠯ ᠳᠡᠭᠡᠷ᠎ᠡ᠂ ᠴᠧᠩ ᠹᠠ ᠺᠣᠮᠫᠠᠨᠢ ᠶᠢᠨ ᠬᠠᠷᠢᠭᠤᠴᠠᠯᠭᠠᠲᠠᠨ ᠺᠣᠮᠫᠠᠨᠢ ᠶᠢᠨ ᠦᠨᠳᠦᠰᠦᠨ ᠪᠠᠶᠢᠳᠠᠯ ᠤᠨ ᠲᠤᠬᠠᠶ᠂ ᠠᠵᠢᠯᠲᠠᠨ ᠤ ᠴᠠᠯᠢᠩ ᠣᠯᠭᠤᠮᠵᠢ ᠶᠢᠨ ᠠᠰᠠᠭᠤᠳᠠᠯ᠂ ᠺᠣᠮᠫᠠᠨᠢ ᠳᠤ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠵᠡᠷᠭᠡ ᠪᠠᠶᠢᠳᠠᠯ ᠢ ᠨᠠᠷᠢᠨ ᠲᠣᠳᠣᠷᠬᠠᠶᠢᠯᠠᠪᠠ᠃       ᠶᠢᠨ ᠴᠦᠨ ᠯᠢᠶᠠᠩ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠬᠤ ᠶᠢᠨ ᠬᠠᠮᠲᠤ ᠬᠢᠨᠠᠨ ᠪᠣᠳᠣᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ ᠭᠠᠷᠭᠠᠪᠠ᠂ ᠬᠠᠭᠤᠴᠢᠨ ᠰᠠᠭᠤᠭᠠᠯᠢ ᠲᠣᠭᠤᠷᠢᠭ ᠤᠨ ᠳᠤᠯᠠᠭᠠᠯᠠᠭ᠎ᠠ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠨ ᠪᠠᠶᠢᠭᠤᠯᠬᠤ ᠳᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠲᠠᠢ ᠤᠶᠠᠯᠳᠤᠭᠤᠯᠤᠨ᠂ ᠪᠣᠳᠠᠲᠠᠶ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠬᠤ ᠬᠡᠷᠡᠭᠲᠡᠶ ᠭᠡᠪᠡ᠃ ᠶᠢᠨ ᠴᠦᠨ ᠯᠢᠶᠠᠩ ᠠᠵᠤ ᠠᠬᠤᠶᠢᠯᠠᠯ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠦᠢᠯᠡᠴᠢᠯᠡᠬᠦ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠢᠯᠴᠢ ᠶᠢᠨ ᠰᠤᠷᠪᠤᠯᠵᠢ ᠶᠢᠨ ᠦᠢᠯᠡᠳᠪᠦᠷᠢ ᠶᠢ ᠥᠭᠡᠷᠡᠴᠢᠯᠡᠬᠦ ᠲᠥᠷᠥᠯ ᠵᠦᠢᠯ ᠤᠨ ᠠᠬᠢᠴᠠ ᠶᠢ ᠲᠦᠷᠭᠡᠳᠬᠡᠵᠦ᠂ ᠳᠤᠯᠠᠭᠠᠯᠠᠭ᠎ᠠ ᠶᠢᠨ ᠬᠤᠭᠤᠴᠠᠭᠠᠨ ᠳᠤ ᠰᠠᠭᠤᠭᠠᠯᠢ ᠠᠷᠠᠳ ᠲᠤ ᠳᠤᠯᠠᠭᠠᠯᠠᠭ᠎ᠠ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ ︵ᠯᠢᠦ ᠰᠢᠶᠤᠤ ᠰᠢᠤᠢ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号