ᠣᠷᠣᠨ ᠤ ᠲᠥᠪ᠄ ︽3 + 2︾ ᠵᠠᠭᠪᠤᠷ  ᠢᠶᠠᠷ ︽ᠠᠶᠠᠨ ᠤ︾ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/9/18
    ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠴᠢ ᠰᠢᠶᠣᠤ ᠶᠠᠨ︶ ᠡᠨᠡ ᠵᠢᠯ ᠠᠴᠠ ᠨᠠᠰᠢ᠂ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠣᠯᠠᠨ ᠤ ᠠᠮᠤᠷ ᠲᠦᠪᠰᠢᠨ ᠶᠠᠪᠤᠵᠤ ᠰᠠᠭᠤᠬᠤ ᠬᠠᠷᠠᠯᠲᠠ ᠡᠭᠦᠷᠭᠡ ᠶᠢᠨ ᠲᠣᠭᠤᠷᠢᠨ ᠳᠤ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠡᠮᠬᠢ ᠳᠢᠭᠯᠢᠮ ᠢ ᠵᠢᠷᠤᠮᠵᠢᠭᠤᠯᠬᠤ᠂ ᠲᠡᠷᠭᠡᠨ ᠵᠤᠭᠰᠤᠭᠠᠯ ᠤᠨ ᠰᠦᠢᠳᠭᠡᠯ ᠬᠤᠷᠢᠶᠠᠬᠤ ᠶᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠵᠡᠷᠭᠡ ᠨᠡᠶᠢᠭᠡᠮ ᠤᠨ ᠠᠩᠬᠠᠷᠤᠯ ᠲᠦᠪᠯᠡᠷᠡᠭᠰᠡᠨ ᠠᠰᠠᠭᠤᠳᠠᠯ ᠠᠴᠠ ᠭᠠᠷᠳᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠨ ᠤᠬᠠᠭᠤᠯᠬᠤ᠂ ᠬᠠᠨᠳᠤᠯᠭ᠎ᠠ ᠲᠠᠢ ᠪᠣᠯᠵᠣᠨ ᠶᠠᠷᠢᠯᠴᠠᠬᠤ᠂ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠢᠳᠪᠤᠷᠢᠯᠡᠬᠦ ︽ᠬᠡᠯᠬᠢᠶᠡᠵᠢᠭᠦᠯᠦᠭᠰᠡᠨ ᠬᠠᠮᠢᠶᠠᠷᠤᠯᠲᠠ︾ ᠶᠢᠨ ᠲᠣᠭᠲᠠᠴᠠ ᠶᠢ ᠪᠠᠶᠢᠭᠤᠯᠵᠤ᠂ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠭᠰᠡᠨ᠂ ᠭᠤᠯᠳᠤ   ᠪᠠᠷ ᠬᠢᠨᠠᠨ ᠬᠠᠮᠢᠶᠠᠷᠤᠭᠰᠠᠨ ᠶᠡᠷᠤᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽3+2︾   ᠤᠨ ᠵᠠᠭᠪᠤᠷ ᠢ ᠬᠡᠷᠡᠭᠯᠡᠨ᠂ ︽ᠠᠶᠠᠨ ᠤ︾ ᠬᠦᠷᠢᠶᠡᠨ ᠤ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠦᠨᠡᠨᠬᠦ  ᠳᠡᠭᠡᠭᠰᠢᠯᠡᠭᠦᠯᠪᠡ  ᠃    ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠠᠵᠢᠯ ᠤᠨ ᠱᠠᠭᠠᠷᠳᠠᠯᠭ᠎ᠠ ᠶᠢ  ᠨᠠᠶᠢᠳᠠᠪᠤᠷᠢᠵᠢᠭᠤᠯᠵᠦ᠂ ᠭᠠᠷ ᠳᠠᠮᠵᠢᠭᠰᠠᠨ ᠮᠠᠰᠢᠨ ᠲᠡᠷᠭᠡᠨ ᠤ ᠠᠷᠠᠯᠵᠢᠶᠠᠨ ᠤ ᠵᠠᠬ᠎ᠠ ᠳᠡᠯᠭᠡᠭᠦᠷ᠂ ᠮᠠᠰᠢᠨ ᠲᠡᠷᠭᠡᠨ ᠤ 4S ᠳᠡᠯᠭᠡᠭᠦᠷ᠂ ᠵᠤᠭᠠᠴᠠᠯ ᠤᠨ ᠦᠵᠡᠮᠵᠢ ᠶᠢᠨ ᠣᠷᠣᠨ ᠤ ᠬᠠᠮᠢᠶ᠎ᠠ ᠪᠦᠬᠦᠢ ᠠᠵᠢᠯ ᠡᠷᠬᠢᠯᠡᠬᠦ ᠭᠤᠤᠯ ᠴᠣᠭᠴᠠ ᠶᠢ ᠬᠠᠤᠯᠢ ᠲᠦᠭᠡᠮᠡᠯᠵᠢᠭᠦᠯᠬᠦ ᠭᠤᠤᠯ ᠡᠲᠡᠭᠡᠳ ᠪᠤᠯᠭᠠᠪᠠ᠃ ︽ᠵᠦᠶ ᠪᠤᠰᠤ ᠥᠷᠢᠰᠥᠯᠳᠦᠭᠡᠨ ᠢ ᠡᠰᠡᠷᠭᠦᠴᠡᠬᠦ ᠬᠠᠤᠯᠢ︾᠂ ︽ᠭᠡᠷ᠎ᠡ ᠶᠢᠨ ᠬᠠᠤᠯᠢ︾᠂ ︽ᠦᠨ᠎ᠡ ᠬᠠᠩᠰᠢ ᠶᠢᠨ ᠬᠠᠤᠯᠢ︾᠂ ︽ᠦᠢᠯᠡᠳᠭᠦᠨ ᠤ ᠶᠠᠰᠤ ᠴᠢᠨᠠᠷ ᠤᠨ ᠬᠠᠤᠯᠢ︾᠂ ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾᠂ ︽ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠶᠤᠯᠭᠦᠶ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠤᠤᠯᠳᠠᠯᠭ᠎ᠠ ᠲᠠᠢ ᠤᠬᠠᠭᠤᠯᠬᠤ ᠠᠭᠤᠯᠭ᠎ᠠ ᠪᠣᠯᠭᠠᠪᠠ᠃ ᠡᠷᠦᠬᠡ ᠳᠤ ᠬᠦᠷᠴᠦ ᠰᠤᠷᠪᠤᠯᠵᠢᠯᠠᠬᠤ᠂ ᠬᠠᠤᠯᠢ ᠶᠢ ᠭᠡᠷ ᠲᠤ ᠨᠢ ᠬᠦᠷᠭᠡᠬᠦ᠂ ᠲᠥᠪᠯᠡᠷᠡᠭᠦᠯᠦᠨ ᠤᠬᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠠᠤᠯᠢ ᠬᠡᠷᠡᠭᠵᠢᠭᠦᠯᠬᠦ ᠡᠲᠡᠭᠡᠳ ᠲᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠭᠤᠣᠯ ᠭᠤᠣᠯ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠠᠪᠤᠳᠠᠯ ᠢ ᠬᠠᠤᠯᠢ ᠬᠡᠷᠡᠭᠵᠢᠭᠦᠯᠬᠦ ᠪᠦᠬᠦ ᠶᠠᠪᠤᠴᠠ ᠳᠤ  ᠲᠤᠤᠱᠯᠠᠭᠤᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠠᠤᠯᠢ ᠴᠠᠭᠠᠵᠠ ᠶᠢᠨ ᠦᠵᠡᠯ ᠤᠬᠠᠮᠰᠠᠷ ᠢ  ᠴᠢᠩᠭᠠᠳᠬᠠᠭᠰᠠᠨ ᠪᠠᠶᠢᠨ᠎ᠠ  ᠃     ᠤᠷᠢᠳᠠ ᠠᠴᠠ ᠵᠣᠬᠢᠶᠠᠨ ᠪᠠᠶᠢᠭᠤᠯᠵᠤ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠣᠳᠣᠬᠠᠨ ᠤ ᠮᠠᠰᠢᠨ ᠲᠡᠷᠭᠡᠨ ᠤ ᠵᠠᠬ᠎ᠠ ᠳᠡᠯᠭᠡᠭᠦᠷ  ᠲᠤ ᠣᠷᠣᠰᠢᠵᠤ ᠪᠠᠶᠢᠭ᠎ᠠ ᠰᠡᠯᠪᠢᠭ ᠲᠣᠨᠤᠭ ᠢ ᠬᠠᠭᠤᠷᠮᠠᠭ ᠢᠶᠠᠷ ᠦᠨᠡᠨ ᠢ ᠣᠷᠣᠯᠠᠭᠤᠯᠬᠤ᠂ ᠠᠷᠠᠯᠵᠢᠶᠠᠨ ᠤ ᠶᠠᠪᠤᠴᠠ ᠳᠤ ᠠᠯᠪᠠᠳᠠᠯᠭ᠎ᠠ ᠪᠠᠷ ᠦᠨ᠎ᠡ  ᠨᠡᠮᠡᠬᠦ᠂ ᠬᠤᠳᠠᠯ ᠬᠠᠭᠤᠷᠮᠠᠭ ᠤᠬᠠᠭᠤᠯᠭ᠎ᠠ ᠬᠢᠬᠦ ᠵᠡᠷᠭᠡ  ᠨᠠᠢᠮᠠᠨ ᠲᠥᠷᠥᠯ ᠤᠨ ᠳᠣᠪᠤᠶᠢᠮ᠎ᠠ ᠠᠰᠠᠭᠤᠳᠠᠯ ᠳᠤ ᠴᠢᠭᠯᠡᠭᠦᠯᠵᠦ᠂ ᠠᠰᠠᠭᠤᠳᠠᠯ ᠤᠨ ᠪᠦᠷᠢᠳᠭᠡᠯ ᠬᠢᠵᠠᠢ ᠃ ᠪᠦᠬᠦ ᠬᠤᠲᠠ ᠶᠢᠨ ᠮᠠᠰᠢᠨ ᠲᠡᠷᠭᠡ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠤ ᠵᠠᠰᠠᠭ ᠵᠠᠬᠢᠷᠭᠠᠨ ᠤ ᠪᠤᠯᠵᠤᠨ ᠶᠠᠷᠢᠯᠴᠠᠬᠤ ᠬᠤᠷᠠᠯ ᠤᠨ ᠬᠡᠯᠪᠡᠷᠢ ᠪᠠᠷ ᠳᠠᠮᠵᠢᠭᠤᠯᠤᠨ᠂ ᠪᠦᠬᠦ ᠬᠤᠲᠠ ᠶᠢᠨ ᠮᠠᠰᠢᠨ ᠲᠡᠷᠭᠡ ᠡᠵᠡᠩᠨᠡᠨ ᠪᠣᠷᠣᠯᠠᠭᠤᠯᠬᠤ 63 ᠡᠷᠦᠬᠡ ᠳᠤ ᠲᠦᠪᠯᠡᠷᠡᠩᠭᠦᠢ ︽ᠪᠣᠯᠵᠣᠨ ᠶᠠᠷᠢᠯᠴᠠᠬᠤ ᠣᠨᠣᠰᠢᠯᠠᠯᠲᠠ︾ ᠬᠢᠵᠦ᠂ ᠲᠡᠳᠡᠨ ᠢ ᠵᠢᠭᠠᠨ ᠵᠢᠯᠣᠭᠤᠳᠴᠤ ᠪᠠᠶᠢᠭᠠᠳ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ  ᠴᠢᠩᠭᠠᠳᠬᠠᠵᠦ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ  ᠠᠵᠢᠯ ᠥᠷᠨᠢᠭᠦᠯᠵᠦ᠂ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠡᠭᠦᠰᠬᠦ ᠨᠤᠷᠮ᠎ᠠ ᠶᠢ  ᠪᠠᠭᠤᠷᠠᠭᠤᠯᠪᠠ  ᠃    ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠬᠠᠨᠳᠤᠯᠭ᠎ᠠ ᠲᠠᠢ ᠪᠣᠯᠵᠣᠨ ᠶᠠᠷᠢᠯᠴᠠᠬᠤ ᠶᠢ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠶᠠᠨ ᠤ︾ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠠᠵᠢᠯᠯᠠᠭ᠎ᠠ ᠶᠢ ᠲᠥᠪᠯᠡᠷᠡᠭᠦᠯᠦᠨ ᠪᠠᠶᠢᠴᠠᠭᠠᠨ  ᠰᠢᠢᠳᠪᠤᠷᠢᠯᠡᠵᠡᠢ  ᠃ ᠢᠯᠠᠩᠭᠤᠶ᠎ᠠ ᠬᠡᠪ ᠤᠨ ᠪᠤᠰᠤ ᠥᠷᠢᠰᠥᠯᠳᠦᠭᠡᠨ᠂ ᠬᠡᠷᠡᠭᠯᠡᠭᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ᠂ ᠲᠡᠷᠭᠡᠨ ᠵᠣᠭᠰᠣᠭᠠᠯ ᠤᠨ ︽ᠳᠤᠷ᠎ᠠ ᠪᠠᠷ ᠢᠶᠠᠨ ᠰᠦᠢᠳᠭᠡᠯ ᠬᠤᠷᠢᠶᠠᠬᠤ︾ ᠪᠠ  ᠵᠤᠭᠠᠴᠠᠯ ᠤᠨ ᠦᠵᠡᠮᠵᠢ ᠶᠢᠨ ᠣᠷᠣᠨ ᠤ ᠰᠢᠯᠭᠠᠨ ᠪᠠᠶᠢᠴᠠᠭᠠᠯᠲᠠ ᠶᠢ ᠥᠩᠭᠡᠷᠡᠭᠡᠭᠰᠡᠨ ᠦᠭᠡᠢ ᠪᠤᠶᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠭᠰᠡᠨ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠠᠤᠯᠢ ᠪᠤᠰᠤ ᠪᠠᠷ  ᠦᠢᠯᠡᠳᠴᠤ᠂ ᠤᠭᠰᠠᠷᠠᠭᠰᠠᠨ ᠬᠠᠤᠯᠢ  ᠪᠤᠰᠤ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠪᠠᠶᠢᠴᠠᠭᠠᠨ ᠰᠢᠢᠳᠪᠤᠷᠢᠯᠡᠪᠡ᠃ ᠣᠳᠣᠬᠠᠨ ᠪᠣᠯᠲᠠᠯ᠎ᠠ᠂ 123 ᠬᠤᠪᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠪᠢᠴᠢᠭ ᠪᠠᠭᠤᠯᠭᠠᠵᠤ᠂ 23 ᠬᠡᠷᠡᠭ ᠢ ᠳᠡᠩᠰᠡᠯᠡᠵᠦ ᠪᠠᠶᠢᠴᠠᠭᠠᠨ  ᠰᠢᠢᠳᠪᠤᠷᠢᠯᠡᠵᠦ᠂ ᠬᠡᠷᠡᠭ ᠲᠤ ᠬᠤᠯᠪᠣᠭᠳᠠᠭᠰᠠᠨ ᠦᠢᠯᠡᠳᠭᠦᠨ ᠤ ᠪᠠᠷᠠᠭᠠᠨ ᠤ ᠥᠷᠲᠡᠭ ᠨᠢ 140 ᠲᠦᠮᠡᠨ  ᠲᠦᠭᠦᠷᠢᠭ ᠲᠤ ᠬᠦᠷᠴᠡᠶ᠃    ︽ᠠᠶᠠᠨ ᠤ︾ ᠬᠦᠷᠢᠶᠡᠨ ᠳᠠᠬᠢ ᠴᠡᠭᠴᠡᠯᠡᠨ ᠵᠠᠰᠠᠬᠤ ᠠᠵᠢᠯ ᠤᠨ ᠨᠡᠶᠢᠯᠡᠮᠡᠯ ᠬᠦᠴᠦᠨ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠶᠢ ᠣᠯᠵᠤ᠂ ᠠᠵᠢᠯ ᠤᠨ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠵᠠᠮ ᠲᠡᠭᠡᠭᠡᠪᠦᠷᠢ᠂ ᠬᠤᠳᠠᠯᠳᠤᠭᠠᠨ ᠤ ᠶᠠᠪᠤᠳᠠᠯ᠂ ᠰᠣᠶᠣᠯ  ᠵᠤᠭᠠᠴᠠᠯ ᠷᠠᠳᠢᠣ᠋ ᠲᠧᠯᠸᠢᠰ᠂ ᠬᠤᠲᠠ‌‍ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠭ᠎ᠠ ᠪᠠᠨ ᠴᠢᠩᠭᠠᠳᠬᠠᠵᠦ᠂ ᠬᠠᠮᠲᠤᠷᠠᠭᠰᠠᠨ ᠬᠤᠷᠠᠯ ᠤᠨ ᠬᠡᠯᠪᠡᠷᠢ ᠪᠠᠷ᠂ ᠬᠠᠮᠢᠶ᠎ᠠ ᠪᠦᠬᠦᠢ ᠬᠦᠷᠢᠶᠡᠨ ᠳᠠᠬᠢ ᠬᠠᠤᠯᠢ ᠵᠥᠷᠢᠴᠡᠭᠰᠡᠨ ᠠᠵᠢᠯᠯᠠᠭ᠎ᠠ ᠶᠢ ᠪᠦᠬᠦ ᠲᠠᠯ᠎ᠠ ᠪᠠᠷ ᠵᠠᠳᠠᠯᠤᠨ᠂ ᠲᠦᠪᠯᠡᠷᠡᠩᠭᠦᠢ ᠰᠤᠳᠤᠯᠤᠨ ᠮᠠᠭᠠᠳᠯᠠᠵᠤ᠂ ᠣᠯᠠᠨ ᠰᠠᠯᠠᠭ᠎ᠠ ᠮᠥᠴᠢᠷ ᠬᠤᠯᠪᠣᠭᠠᠯᠠᠨ ᠴᠡᠭᠴᠡᠯᠡᠨ ᠵᠠᠰᠠᠬᠤ ᠪᠠᠷ ᠴᠢᠷᠮᠠᠶᠢᠵᠠᠶ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠷᠠᠯᠲᠠ ᠲᠠᠢ ᠵᠠᠰᠠᠯᠲᠠ ᠶᠢ ᠪᠡᠶᠡᠯᠡᠭᠦᠯᠦᠭᠰᠡᠨ ᠢᠶᠠᠷ᠂ ᠵᠠᠬ᠎ᠠ ᠳᠡᠯᠭᠡᠭᠦᠷ ᠤᠨ ᠣᠷᠴᠢᠨ ᠠᠬᠤᠶ ᠶᠢ ᠪᠦᠲᠦᠮᠵᠢᠲᠡᠶ ᠪᠠᠷ ᠵᠢᠷᠤᠮᠵᠢᠭᠤᠯᠤᠨ ᠴᠡᠪᠡᠷᠰᠢᠭᠦᠯᠦᠭᠰᠡᠨ ᠪᠠᠶᠢᠨ᠎ᠠ  ᠃    ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠤ ᠬᠦᠴᠦᠨ ᠪᠠᠭᠤᠷᠠᠶ ᠪᠠᠶᠢᠳᠠᠯ ᠳᠤ ᠴᠢᠭᠯᠡᠭᠦᠯᠦᠨ᠂ ᠲᠡᠷᠡ ᠮᠥᠷᠲᠡᠭᠡᠨ ᠲᠤᠰᠬᠠᠶ ᠮᠡᠷᠭᠡᠵᠢᠯ ᠤᠨ ᠬᠡᠪ ᠴᠢᠨᠠᠷ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠶ ᠪᠤᠳᠠᠳᠤ ᠪᠠᠶᠢᠳᠠᠯ ᠳᠤ ᠬᠠᠨᠳᠤᠭᠤᠯᠤᠨ᠂ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠬᠢ ᠵᠠᠰᠠᠭ ᠵᠠᠬᠢᠷᠭᠠᠨ ᠤ ᠵᠢᠯᠣᠭᠤᠳᠤᠯᠭ᠎ᠠ ᠪᠠᠨ ᠵᠣᠬᠢᠬᠤ ᠴᠢᠨᠠᠷᠲᠠᠶ ᠴᠢᠩᠭᠠᠳᠬᠠᠵᠤ᠂ ᠣᠨᠴᠠᠭᠠᠶᠢᠯᠠᠨ ︽ᠠᠶᠠᠨ ᠤ︾ ᠬᠦᠷᠢᠶ᠎ᠡ ᠴᠠᠷᠠᠭ᠎ᠠ ᠶᠢᠨ ︽ᠬᠤᠶᠠᠷ ᠢ ᠲᠠᠰᠢᠷᠠᠮ︾ ᠤᠨ ᠰᠤᠭᠤᠴᠢᠨ ᠪᠠᠶᠢᠴᠠᠭᠠᠬᠤ ᠵᠥᠢᠯᠡᠰ ᠲᠤ ᠬᠤᠯᠪᠣᠭᠳᠠᠭᠰᠠᠨ ᠲᠤᠬᠠᠶ ᠶᠢᠨ ᠲᠠᠯᠠᠪᠤᠷ ᠤᠨ ᠪᠠᠶᠢᠴᠠᠭᠠᠬᠤ ᠠᠷᠭ᠎ᠠ᠂ ᠬᠡᠷᠡᠭ ᠤᠨ ᠰᠦᠪᠡᠭᠴᠢ ᠶᠢ ᠵᠢᠭᠰᠠᠭᠠᠨ ᠪᠠᠶᠢᠴᠠᠭᠠᠬᠤ ᠤᠷ᠎ᠠ ᠳᠡᠮ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠡ ᠶᠢᠨ ᠪᠠᠶᠢᠴᠠᠭᠠᠬᠤ ᠲᠦᠷᠢᠮ ᠵᠡᠷᠭᠡ ᠬᠤᠯᠪᠣᠭᠳᠠᠯ ᠪᠥᠬᠦᠶ ᠠᠭᠤᠯᠭ᠎ᠠ  ᠪᠠᠷ ᠪᠥᠬᠦ ᠲᠠᠯ᠎ᠠ ᠶᠢᠨ ᠵᠠᠰᠠᠭ ᠵᠠᠬᠢᠷᠭᠠᠨ ᠤ ᠵᠢᠯᠣᠭᠤᠳᠬᠤ  ᠦᠢᠯᠡᠴᠢᠯᠡᠭᠡ ᠬᠢᠵᠦ᠂ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠦᠨᠡᠨᠬᠦ  ᠳᠡᠭᠡᠭᠰᠢᠯᠡᠭᠦᠯᠵᠠᠢ  ᠃     http://mongol.people.com.cn/15824472.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号