ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ ︵ᠲᠥᠰᠥᠯ ᠤᠨ ᠰᠠᠨᠠᠯ ᠬᠤᠷᠢᠶᠠᠬᠤ ᠨᠣᠣᠷᠠᠭ︶︾ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/9/18
       ︵ᠰᠤᠷᠪᠤᠯᠵᠢᠯᠠᠭᠴᠢ ᠯᠢᠦᠢ ᠬᠤᠢ ᠱᠧᠩ︶ 9 ᠳ᠋ᠦ᠋ᠭᠡᠷ ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ ︵ᠲᠥᠰᠥᠯ ᠤᠨ ᠰᠠᠨᠠᠯ ᠬᠤᠷᠢᠶᠠᠬᠤ ᠨᠣᠣᠷᠠᠭ︶︾ ᠤᠨ ᠰᠠᠭᠤᠳᠠᠯ ᠤᠨ ᠬᠤᠷᠠᠯ ᠢ ᠬᠤᠷᠠᠯᠳᠤᠭᠤᠯᠪᠠ᠃      ᠰᠠᠭᠤᠳᠠᠯ ᠤᠨ ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠵᠥᠪᠯᠡᠯ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠠᠵᠢᠯ ᠤᠨ ᠵᠥᠪᠯᠡᠯ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠠᠵᠢᠯ ᠤᠨ ᠵᠥᠪᠯᠡᠯ ᠵᠢᠴᠢ ᠬᠤᠲᠠ ᠶᠢᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠳ ᠪᠣᠯᠣᠨ ᠲᠤᠰᠬᠠᠢ ᠮᠡᠷᠭᠡᠵᠢᠯᠲᠡᠳ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ ︵ᠲᠥᠰᠥᠯ ᠤᠨ ᠰᠠᠨᠠᠯ ᠬᠤᠷᠢᠶᠠᠬᠤ ᠨᠣᠣᠷᠠᠭ︶︾ ᠤᠨ ᠲᠣᠭᠤᠷᠢᠨ ᠳᠤ ᠶᠠᠷᠢᠯᠴᠠᠨ ᠰᠣᠯᠢᠯᠴᠠᠵᠤ᠂ ᠵᠠᠰᠠᠪᠤᠷᠢᠯᠠᠬᠤ ᠰᠠᠨᠠᠯ ᠰᠠᠨᠠᠭᠤᠯᠭ᠎ᠠ ᠳᠤᠷᠠᠳᠴᠠᠢ᠃     ᠭᠥᠸᠧ ᡁᠢ ᠭᠠᠩ ᠵᠢᠭᠠᠬᠤ ᠳᠠᠭᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠲᠣᠭᠲᠠᠭᠠᠬᠤ ᠶᠢ ᠨᠠᠷᠢᠨ ᠬᠢᠨᠠᠮᠠᠭᠠᠢ ᠰᠤᠳᠤᠯᠤᠨ᠂ ᠬᠠᠤᠯᠢ ᠳᠦᠷᠢᠮ ᠤᠨ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠲᠣᠳᠣᠷᠬᠠᠶᠢᠯᠠᠵᠤ᠂ ᠬᠠᠤᠯᠢ ᠳᠦᠷᠢᠮ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠳᠦᠷᠢᠮ ᠤᠨ ᠬᠡᠷᠡᠭᠵᠢᠭᠦᠯᠦᠭᠳᠡᠬᠦ ᠳᠤ ᠳᠥᠭᠦᠮ ᠪᠣᠯᠭᠠᠬᠤ ᠪᠠᠷ ᠪᠠᠷᠠᠬᠤ ᠦᠭᠡᠢ ᠦᠢᠯᠡᠳᠦᠯ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ ᠭᠦᠢᠴᠡᠳ ᠶᠠᠷᠢᠯᠴᠠᠵᠤ᠂ ᠭᠠᠵᠠᠷ ᠣᠷᠣᠨ  ᠳᠤᠨᠢ ᠲᠣᠬᠢᠷᠠᠭᠤᠯᠤᠨ᠂ ᠪᠠᠶᠢᠭᠠᠯᠢ ᠶᠢᠨ ᠵᠢᠮ᠎ᠡ ᠶᠣᠰᠣ ᠶᠢ ᠬᠦᠨᠳᠦᠳᠬᠡᠵᠦ᠂ ᠴᠢᠨᠠᠷ ᠰᠠᠶᠢᠲᠠᠢ ᠥᠨᠳᠥᠷ ᠬᠢᠷᠢ ᠲᠦᠪᠰᠢᠨ ᠲᠠᠢ᠂ ᠬᠥᠬᠡᠬᠤᠲᠠ ᠶᠢᠨ ᠣᠨᠴᠠᠯᠢᠭ ᠲᠤ ᠲᠣᠬᠢᠷᠠᠭᠰᠠᠨ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠲᠣᠭᠲᠠᠭᠠᠵᠤ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号