ᠬᠢᠵᠢᠭ ᠲᠠᠢ ᠲᠡᠮᠡᠴᠡᠬᠦ ᠵᠣᠷᠢᠭ ᠰᠠᠨᠠᠭ᠎ᠠ ᠶᠢ ᠤᠯᠠᠮᠵᠢᠯᠠᠵᠤ ᠰᠠᠶᠢᠨ ᠪᠠᠭᠠᠴᠤᠳ ᠪᠣᠯᠣᠶ᠎ᠠ
ᠨᠡᠶᠢᠲᠡᠯᠡᠭᠰᠡᠨ ᠴᠠᠭ᠄
2020/9/18
     ᠲᠦᠷᠦᠭᠦᠬᠡᠨ ᠳᠤ᠂ ᠢᠦᠢ ᠴᠢᠦᠸᠠᠨ ᠲᠣᠭᠤᠷᠢᠭ ᠤᠨ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ︽ᠬᠠᠷᠠᠬᠠᠨ ᠪᠠᠭ᠎ᠠ ᠠᠴᠠ ᠪᠠᠨ ᠬᠤᠰᠢᠭᠤᠴᠢ ᠠᠴᠠ ᠰᠤᠷᠤᠯᠴᠠᠵᠤ᠂ ᠲᠣᠮᠣ ᠪᠣᠯᠣᠭᠠᠳ ᠬᠤᠰᠢᠭᠤᠴᠢ ᠪᠣᠯᠣᠶ᠎ᠠ︾ ᠭᠤᠣᠯ ᠰᠡᠳᠦᠪᠲᠦ ᠬᠥᠳᠡᠯᠭᠡᠭᠡᠨ ᠥᠷᠨᠢᠭᠦᠯᠵᠦ᠂ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠤᠨ ᠡᠵᠡᠨ ᠵᠦᠩ ᠨᠠᠨ ᠱᠠᠨ᠂ ︽ᠠᠷᠠᠳ ᠤᠨ ᠪᠠᠭᠠᠲᠤᠷ︾ ᠤᠯᠤᠰ ᠤᠨ ᠢᠷᠠᠭᠤ ᠠᠯᠳᠠᠷ ᠤᠨ ᠴᠣᠯᠠ ᠶᠢ ᠬᠦᠷᠲᠡᠭᠴᠢ ᠵᠠᠩ ᠪᠦᠸᠧ ᠯᠢ᠂ ᠵᠠᠩ ᠳ᠋ᠢᠩ ᠢᠦᠢ᠂ ᠴᠧᠨ ᠸᠧᠢ ᠶᠢᠨ ᠬᠢᠵᠢᠭ ᠲᠠᠢ ᠲᠡᠮᠡᠴᠡᠭᠰᠡᠨ ᠪᠠᠭᠠᠲᠤᠷᠯᠢᠭ ᠦᠢᠯᠡ ᠠᠵᠢᠯᠯᠠᠭ᠎ᠠ ᠶᠢ ᠬᠦᠦᠷᠨᠢᠬᠦ ᠪᠠᠷ ᠳᠠᠮᠵᠢᠨ᠂ ᠰᠤᠷᠤᠭᠴᠢᠳ ᠲᠤ ᠬᠢᠵᠢᠭ ᠲᠠᠢ ᠲᠡᠮᠡᠴᠡᠬᠦ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠷᠠᠬᠠᠨ ᠪᠠᠭ᠎ᠠ ᠠᠴᠠ ᠪᠠᠨ ᠬᠦᠰᠡᠯ ᠵᠣᠷᠢᠭ ᠢᠶᠠᠨ ᠬᠥᠪᠴᠢᠯᠡᠵᠦ᠂ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠶᠢ ᠨᠢ ᠬᠥᠲᠥᠯᠥᠨ ᠵᠢᠯᠣᠭᠤᠳᠪᠠ᠃ ᠵᠢᠷᠤᠭ ᠪᠣᠯ ᠲᠦᠩ ᠱᠦᠨ ᠵᠡᠭᠡᠯᠢ ᠶᠢᠨ ᠪᠠᠭ᠎ᠠ ᠰᠤᠷᠭᠠᠭᠤᠯᠢ ᠶᠢᠨ ᠪᠠᠭᠰᠢ ᠠᠴᠠ ᠰᠤᠷᠤᠭᠴᠢᠳ ᠲᠠᠭᠠᠨ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠤᠨ ᠡᠵᠡᠨ ᠵᠦᠩ ᠨᠠᠨ ᠱᠠᠨ ᠡᠪᠦᠭᠡ ᠶᠢᠨ ᠬᠢᠵᠢᠭ ᠲᠠᠢ ᠲᠡᠮᠡᠴᠡᠭᠰᠡᠨ ᠪᠠᠭᠠᠲᠤᠷᠯᠢᠭ ᠦᠢᠯᠡ ᠠᠵᠢᠯᠯᠠᠭ᠎ᠠ ᠶᠢ  ᠶᠠᠷᠢᠵᠤ ᠦᠭᠴᠦ ᠪᠠᠶᠢᠭ᠎ᠠ ᠨᠢ᠃ ᠴᠢᠮᠡᠭᠡᠯᠡᠭᠴᠢ ᠳ᠋ᠢᠩ ᠭᠧᠨ ᠾᠧᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号