ᠤᠯᠠᠭᠠᠨᠬᠦᠦ ᠶᠢᠨ ᠳᠤᠷᠠᠰᠬᠠᠯ ᠤᠨ ᠤᠷᠳᠤᠨ ᠨᠢ ᠬᠦᠬᠡᠬᠤᠲᠠ ᠶᠢᠨ ᠰᠢᠨᠬᠤᠸᠠ ᠪᠠᠷᠠᠭᠤᠨ ᠵᠡᠭᠡᠯᠢ ᠶᠢᠨ | ᠤᠯᠠᠭᠠᠨᠬᠦᠦ ᠴᠡᠴᠡᠷᠯᠢᠭ ᠲᠤ ᠪᠠᠶᠢᠷᠢᠯᠠᠵᠤ ᠪᠤᠢ᠃ ᠤᠯᠠᠭᠠᠨᠬᠦᠦ ᠶᠢᠨ ᠳᠤᠷᠠᠰᠬᠠᠯ ᠤᠨ ᠤᠷᠳᠤᠨ ᠢ1991 ᠣᠨ ᠳᠤ | ᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶ᠎ᠠ ᠶᠢᠨ ᠵᠦᠪᠰᠢᠶᠡᠷᠡᠯ ᠢᠶᠠᠷ᠂ ᠥᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠬᠦᠬᠡᠬᠤᠲᠠ ᠶᠢᠨ ᠤᠷᠭᠤᠮᠠᠯ ᠤᠨ ᠴᠡᠴᠡᠷᠯᠢᠭ ᠲᠤ | ᠪᠠᠶᠢᠭᠤᠯᠬᠤ ᠪᠠᠷ ᠲᠤᠭᠲᠠᠪᠠ᠃1992 ᠣᠨ ᠤ12 ᠳ᠋ᠤᠭᠠᠷ ᠰᠠᠷ᠎ᠠ ᠶᠢᠨ23 ᠤ ᠡᠳᠦᠷ ᠪᠠᠶᠢᠭᠤᠯᠵᠤ ᠳᠠᠭᠤᠰᠤᠨ | ᠡᠭᠦᠳᠡ ᠪᠠᠨ ᠨᠡᠭᠡᠭᠡᠵᠦ᠂ ᠤᠤᠯ ᠤᠨ ᠤᠯᠤᠰ ᠤᠨ ᠲᠡᠷᠢᠭᠦᠯᠡᠭᠴᠢ ᠶᠠᠩ ᠱᠠᠩ ᠺᠦᠨ ᠨᠦᠬᠦᠷ ᠦᠪᠡᠷ ᠤᠨ | ᠭᠠᠷ ᠢᠶᠠᠷ ᠢᠶᠠᠨ ᠮᠦᠽᠸᠢ ᠶᠢᠨ ᠨᠡᠷ᠎ᠡ ᠶᠢ ᠪᠢᠴᠢᠵᠡᠢ᠃2005 ᠣᠨ ᠳᠤ ᠤᠷᠭᠤᠮᠠᠯ ᠤᠨ ᠴᠡᠴᠡᠷᠯᠢᠭ ᠤᠨ ᠨᠡᠷ᠎ᠡ ᠶᠢ | ᠵᠢᠩᠭᠢᠨᠢ ᠪᠠᠷ ᠤᠯᠠᠭᠠᠨᠬᠦᠦ ᠴᠡᠴᠡᠷᠯᠢᠭ ᠭᠡᠵᠦ ᠬᠠᠯᠠᠪᠠ᠃ ᠴᠡᠴᠡᠷᠯᠢᠭ ᠤᠨ ᠶᠡᠷᠦᠩᠬᠡᠢ ᠲᠠᠯᠠᠪᠠᠢ 25 ᠡᠾᠧᠺᠲ᠋ᠠᠷ᠂ | ᠡᠭᠦᠨ ᠳᠤ ᠳᠤᠷᠠᠰᠬᠠᠯ ᠤᠨ ᠮᠦᠽᠸᠢ 30000 ᠺᠦᠸᠠᠳ᠋ ᠮᠧᠲᠷ ᠤᠨ ᠲᠠᠯᠠᠪᠠᠢ ᠶᠢ ᠡᠵᠡᠯᠡᠵᠦ ᠪᠠᠶᠢᠳᠠᠭ᠃ ᠮᠦᠽᠸᠢ | ᠨᠢ ᠭᠤᠣᠯ ᠤᠷᠳᠤᠨ᠂ ᠳᠤᠷᠠᠰᠬᠠᠯ ᠤᠨ ᠲᠠᠯᠠᠪᠠᠢ᠂ ᠱᠤᠭᠤᠮᠠᠯ ᠬᠦᠷᠦᠭ᠂ ᠲᠤᠰ ᠮᠠᠨᠳᠤᠭᠤᠯᠬᠤ ᠲᠠᠶᠢᠰᠠ᠂ | ᠬᠥᠰᠢᠶ᠎ᠡ ᠶᠢᠨ ᠲᠢᠩᠰᠠ᠂ ᠭᠤᠯᠳᠤᠩ ᠬᠦᠰᠢᠶ᠎ᠡ ᠵᠡᠷᠭᠡ 6 ᠬᠡᠰᠡᠭ ᠢᠶᠠᠷ ᠪᠦᠷᠢᠯᠳᠦᠵᠡᠢ᠃ ᠪᠠᠷᠢᠯᠭ᠎ᠠ ᠨᠤᠭᠤᠳ ᠨᠢ | ᠤᠯᠠᠮᠵᠢᠯᠠᠯᠳᠤ ᠪᠠᠷᠢᠯᠭ᠎ᠠ ᠶᠢᠨ ᠬᠡᠪ ᠨᠠᠮᠪᠠ ᠪᠠ ᠤᠳᠤᠬᠢᠴᠢᠯᠠᠭᠰᠠᠨ ᠪᠠᠷᠢᠯᠭ᠎ᠠ ᠶᠢᠨ ᠮᠡᠷᠭᠡᠵᠢᠯ ᠢ ᠤᠶᠠᠯᠳᠤᠭᠤᠯᠤᠨ | ᠨᠠᠷᠠᠰᠤ ᠮᠠᠶᠢᠯᠠᠰᠤ ᠬᠦᠬᠡᠷᠡᠭᠰᠡᠨ ᠨᠣᠮᠢᠨ ᠨᠤᠭᠤᠭᠠᠨ ᠤ ᠲᠤᠮᠳᠠ ᠰᠤᠶᠤᠯ ᠤᠨ ᠦᠵᠡᠮᠵᠢ ᠪᠠᠷ ᠲᠤᠳᠤᠭᠠᠳᠤ | ᠠᠭᠤᠯᠬᠤᠨ ᠪᠤᠯᠭᠠᠵᠤ ᠴᠡᠴᠡᠷᠯᠢᠭ ᠤᠨ ᠨᠤᠭᠤᠭᠠᠨ ᠥᠩᠭᠡ ᠪᠠᠷ ᠠᠴᠢᠶᠠᠯᠠᠪᠤᠷᠢ ᠪᠣᠯᠭᠠᠭᠰᠠᠨ ᠵᠢᠭᠤᠯᠴᠢᠯᠠᠯ ᠤᠨ | ᠰᠠᠶᠢᠬᠠᠨ ᠤᠷᠤᠨ ᠢ ᠪᠦᠷᠢᠯᠳᠦᠭᠦᠯᠦᠭᠰᠡᠨ ᠪᠠᠶᠢᠨ᠎ᠠ᠃ | | ᠳᠤᠷᠠᠰᠬᠠᠯ ᠤᠨ ᠤᠷᠳᠤᠨ ᠳᠤ ᠨᠡᠶᠢᠲᠡ 247 ᠵᠢᠷᠤᠭ ᠰᠡᠭᠦᠳᠡᠷ᠂121 ᠲᠡᠦᠭᠡᠨ ᠳᠤᠷᠠᠰᠬᠠᠯᠳᠤ ᠵᠦᠢᠯᠡᠰ᠂ | 146 ᠲᠡᠦᠬᠡᠨ ᠪᠢᠴᠢᠭ ᠢ ᠲᠡᠯᠭᠡᠵᠦ ᠪᠤᠢ᠃ ᠦᠵᠡᠭᠦᠯᠭᠡ ᠨᠢ ᠤᠯᠠᠭᠠᠨᠬᠦᠦ ᠵᠡᠷᠭᠡ ᠠᠬᠠᠮᠠᠳ ᠨᠢᠭᠡ ᠦᠶ᠎ᠡ ᠶᠢᠨ | ᠦᠭᠡᠶᠢᠭᠦᠦ ᠠᠩᠭᠢ ᠶᠢᠨ ᠬᠤᠪᠢᠰᠬᠠᠯᠴᠢᠳ ᠤᠨ ᠦᠨᠳᠦᠰᠦᠳᠡᠨ ᠤ ᠴᠢᠯᠦᠭᠡᠯᠡᠯᠲᠡ᠂ ᠤᠯᠤᠰ ᠤᠷᠤᠨ ᠤ ᠨᠢᠭᠡᠳᠦᠯ᠂ | ᠲᠤᠮᠳᠠᠳᠤ ᠤᠯᠤᠰ ᠤᠨ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠳᠤ ᠪᠠᠶᠢᠭᠤᠯᠤᠭᠰᠠᠨ ᠪᠠᠯᠠᠷᠠᠰᠢ ᠦᠭᠡᠢ | ᠭᠠᠪᠢᠶ᠎ᠠ ᠶᠢ ᠠᠮᠢᠳᠤᠯᠢᠭ ᠪᠣᠳᠠᠳᠠᠢ ᠪᠦᠭᠡᠳ ᠲᠡᠯᠭᠡᠷᠡᠩᠭᠦᠢ ᠦᠵᠡᠭᠦᠯᠵᠡᠢ᠃ ᠡᠭᠦᠨ ᠤ ᠬᠠᠮᠳᠤ ᠤᠯᠠᠨ ᠤᠶᠤᠨᠴᠢ | ᠲᠠᠪᠴᠠᠩ ᠨᠡᠭᠡᠭᠡᠭᠰᠡᠨ ᠨᠢ ᠬᠦᠮᠦᠰ ᠤᠨ ᠲᠤᠤᠷ ᠰᠦᠯᠵᠢᠶ᠎ᠡ ᠶᠢ ᠠᠰᠢᠭᠯᠠᠨ ᠳᠤᠷᠠᠰᠬᠠᠯ ᠤᠨ ᠮᠦᠽᠧᠢ ᠶᠢᠨ | ᠬᠤᠯᠪᠤᠭᠳᠠᠯ ᠪᠦᠬᠦᠢ ᠠᠭᠤᠯᠭ᠎ᠠ ᠪᠠ ᠲᠡᠯᠭᠡᠨ ᠦᠵᠡᠭᠦᠯᠭᠡ ᠶᠢᠨ ᠪᠤᠳᠠᠰ ᠢ ᠦᠵᠡᠵᠦ ᠤᠶᠢᠯᠠᠭᠠᠬᠤ ᠳᠤ ᠲᠦᠭᠦᠮ | ᠦᠵᠡᠭᠦᠯᠦᠭᠰᠡᠨ ᠪᠠᠶᠢᠨ᠎ᠠ᠃ ᠪᠦᠬᠦᠶᠢᠯᠡ ᠦᠵᠡᠭᠦᠯᠭᠡ ᠨᠢ ᠤᠯᠠᠭᠠᠨᠬᠦᠦ ᠶᠢᠨ ᠨᠢᠭᠡ ᠨᠠᠰᠤᠨ ᠤ ᠦᠢᠯᠡ ᠶᠠᠪᠤᠳᠠᠯ ᠢᠶᠠᠷ | ᠭᠤᠣᠯ ᠪᠤᠯᠭᠠᠬᠤ ᠶᠢᠨ ᠵᠡᠷᠭᠡᠪᠡᠷ ᠦᠪᠦᠷ ᠮᠤᠩᠭᠤᠯ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠪᠠᠭ ᠤᠨ ᠬᠢᠨ ᠤ | ᠠᠮᠵᠢᠯᠲᠠ ᠪᠦᠳᠦᠮᠵᠢ ᠶᠢ ᠴᠤ ᠲᠠᠭᠠᠤ ᠳᠤ ᠨᠢ ᠲᠤᠭᠠᠴᠢᠵᠤ᠂ ᠤᠯᠠᠭᠠᠨᠬᠦᠦ ᠶᠢᠨ ᠲᠦᠷᠢ ᠶᠢ ᠨᠡᠩ ᠭᠡᠷᠡᠯ | ᠰᠠᠴᠤᠷᠠᠩᠭᠤᠢ ᠲᠦᠭᠦᠷᠡᠩ ᠪᠠᠶᠠᠯᠢᠭ ᠪᠣᠯᠭᠠᠭᠰᠠᠨ ᠪᠦᠭᠡᠳ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠣᠶᠢᠷ᠎ᠠ ᠦᠶ᠎ᠡ ᠶᠢᠨ ᠦᠨᠳᠦᠰᠦᠳᠡᠨ ᠤ ᠲᠡᠦᠭᠡ᠂ ᠬᠤᠪᠢᠰᠬᠠᠯ ᠤᠨ ᠲᠡᠦᠭᠡ ᠶᠢ ᠴᠤ ᠲᠡᠯᠭᠡᠨ ᠬᠠᠷᠠᠭᠤᠯᠤᠭᠰᠠᠨ | ᠪᠠᠶᠢᠨ᠎ᠠ᠃ ᠤᠯᠠᠭᠠᠨᠬᠦᠦ ᠶᠢᠨ ᠳᠤᠷᠠᠰᠬᠠᠯ ᠤᠨ ᠤᠷᠳᠤᠨ ᠪᠣᠯ ᠬᠦᠬᠡᠬᠤᠲᠠ ᠶᠢᠨ ᠴᠢᠬᠤᠯᠠ ᠬᠤᠪᠢᠰᠬᠠᠯ ᠤᠨ | ᠵᠢᠭᠤᠯᠴᠢᠯᠠᠯ ᠬᠦᠮᠦᠵᠢᠯ ᠤᠨ ᠰᠠᠭᠤᠷᠢᠨ ᠭᠠᠵᠠᠷ ᠮᠦᠨ᠂ ᠠᠷᠠᠳ ᠤᠯᠠᠨ ᠲᠦᠮᠡᠨ ᠤ ᠬᠠᠮᠢᠶᠠᠳᠠᠢ ᠲᠡᠦᠭᠡ ᠶᠢᠨ | ᠮᠡᠳᠡᠯᠭᠡ ᠶᠢ ᠰᠤᠷᠤᠯᠴᠠᠵᠤ᠂ ᠦᠵᠡᠯ ᠰᠠᠨᠠᠭ᠎ᠠ ᠬᠡᠪ ᠪᠣᠯᠪᠠᠰᠤᠷᠠᠯ ᠢᠶᠠᠨ ᠲᠡᠭᠡᠭᠰᠢᠯᠡᠬᠦᠯᠬᠦ ᠴᠢᠬᠤᠯᠠ ᠬᠢᠴᠢᠶᠡᠯ ᠤᠨ | ᠲᠠᠩᠭᠢᠮ ᠪᠣᠯᠣᠨ᠎ᠠ᠃ | | | | | | | | | | | | | | ᠢᠷᠠᠯᠲᠡ ᠄ ᠤᠯᠠᠭᠠᠨᠬᠦᠦ ᠶᠢᠨ ᠳᠤᠷᠠᠰᠬᠠᠯ ᠤᠨ ᠤᠷᠳᠤᠨ ᠤ ᠠᠯᠪᠠᠨ ᠰᠦᠯᠵᠢᠶ᠎ᠡ | ᠬᠦᠬᠡᠬᠤᠲᠠ ᠶᠢᠨ ᠷᠠᠳᠢᠤ᠋ ᠲᠧᠯᠸᠢᠰ ᠬᠤᠷᠢᠶ᠎ᠠ | | | | | | | | | |