ᠬᠥᠬᠡᠬᠤᠲᠠ ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠢ ᠪᠥᠬᠦ ᠲᠤᠭ᠎ᠠ ᠪᠠᠷ ᠨᠢ ᠲᠤᠰᠠᠯᠠᠵᠤ  2021 ᠣᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠤᠯᠬᠤ ᠠᠵᠢᠯ ᠢ ᠦᠨᠡᠨᠬᠦ ᠰᠠᠶᠢᠲᠤᠷ ᠬᠢᠪᠠ
ᠨᠡᠶᠢᠲᠡᠯᠡᠭᠰᠡᠨ ᠴᠠᠭ᠄
2020/9/18
     ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠶᠠᠩ ᠵᠢᠩ ᠱᠤ᠋︶ ᠰᠤᠷᠪᠤᠯᠵᠢᠯᠠᠭᠴᠢ ᠬᠥᠬᠡᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠥᠬᠡᠬᠤᠲᠠ ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠢ ᠪᠦᠬᠦ ᠲᠤᠭ᠎ᠠ ᠪᠠᠷ ᠨᠢ ᠲᠤᠰᠠᠯᠠᠵᠤ 2021 ᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠬᠤ ᠶᠢᠨ ᠲᠥᠯᠥᠭᠡ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠣᠶᠢᠷ᠎ᠠ ᠳᠤ ︽ᠬᠤᠲᠠ ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠢ ᠪᠥᠬᠦ ᠲᠤᠭ᠎ᠠ ᠪᠠᠷ ᠨᠢ ᠲᠤᠰᠠᠯᠠᠵᠤ  2021 ᠣᠨ ᠤ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠤᠶᠢᠳᠬᠡᠯ ᠲᠤᠰᠢᠶᠠᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠪᠠᠭᠤᠯᠭᠠᠪᠠ᠃    ᠲᠠᠨᠢᠯᠴᠠᠭᠤᠯᠤᠭᠰᠠᠨ ᠢᠶᠠᠷ᠂ ᠬᠥᠬᠡᠬᠤᠲᠠ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ  ᠪᠠᠶᠢᠭ᠎ᠠ ᠬᠦᠮᠣᠰ᠂ ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠤᠬᠡᠳ ︵ᠬᠤᠲᠠ ᠶᠢᠨ ᠠᠰᠠᠷᠠᠮᠵᠢ ᠶᠢᠨ ᠪᠠᠶᠢᠭᠤᠯᠤᠮᠵᠢ ᠶᠢᠨ ᠲᠦᠪᠯᠡᠷᠬᠦᠯᠣᠨ ᠠᠰᠠᠷᠠᠨ ᠲᠡᠵᠢᠭᠡᠵᠦ  ᠪᠠᠶᠢᠭ᠎ᠠ ᠬᠥᠮᠦᠰ ᠪᠠᠭᠲᠠᠬᠤ ᠥᠬᠡᠶ︶ ᠲᠤ᠂ ︽2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠰᠣᠶᠢᠳᠬᠡᠯ ᠲᠤᠰᠢᠶᠠᠬᠤ  ᠪᠠᠷᠢᠮᠵᠢᠶ᠎ᠡ ᠳᠤ ᠲᠣᠬᠢᠷᠠᠭᠤᠯᠤᠯᠲᠠ ᠬᠢᠬᠦ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ᠤᠨ ᠪᠠᠷᠢᠮᠵᠢᠶ᠎ᠠ ᠶᠣᠰᠣᠭᠠᠷ ᠬᠤᠪᠢ ᠬᠥᠮᠦᠨ ᠤ ᠰᠣᠶᠢᠳᠬᠡᠯ ᠲᠤᠰᠢᠶᠠᠬᠤ ᠬᠡᠰᠡᠭ ᠢ ᠪᠥᠬᠦ ᠲᠤᠭ᠎ᠠ ᠪᠠᠷ ᠨᠢ ᠲᠤᠰᠠᠯᠠᠨ᠎ᠠ᠃    ︽ᠮᠡᠳᠡᠭᠳᠡᠯ︾ ᠳᠤ ᠱᠠᠭᠠᠷᠳᠠᠭᠰᠠᠨ ᠨᠢ᠂ ᠪᠥᠬᠦ ᠬᠤᠲᠠ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠳᠠᠭᠠᠳᠬᠠᠯ ᠳᠤ ᠣᠷᠣᠯᠴᠠᠬᠤ ᠬᠦᠮᠣᠰ ᠨᠢ ᠡᠷᠬᠡᠪᠰᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠤᠰᠢᠭᠤ ᠰᠢᠶᠠᠨ ᠲᠣᠭᠤᠷᠢᠭ ᠲᠤ ᠳᠠᠭᠠᠳᠬᠠᠯ ᠳᠤ  ᠣᠷᠣᠯᠴᠠᠬᠤ ᠳᠡᠩᠰᠡᠯᠡᠯᠲᠡ ᠬᠢᠵᠦ᠂ ᠲᠥᠪᠯᠡᠷᠡᠭᠦᠯᠦᠨ ᠳᠠᠭᠠᠳᠬᠠᠯ ᠳᠤ ᠣᠷᠣᠯᠴᠠᠵᠤ ᠰᠣᠶᠢᠳᠬᠡᠯ ᠲᠤᠰᠢᠶᠠᠬᠤ  ‍ᠤ᠋ ᠬᠡᠷᠡᠭᠲᠡᠶ︔ 2020 ᠣᠨ ᠳᠤ ᠬᠥᠬᠡᠬᠤᠲᠠ ᠪᠤᠶᠤ ᠣᠨᠳᠣᠤ ᠭᠠᠵᠠᠷ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠲᠤᠰᠠᠯᠠᠮᠵᠢ ᠶᠢᠨ ᠬᠦᠮᠣᠰ ᠨᠢ ᠲᠤᠰ ᠣᠨ ᠤ ᠳᠠᠭᠠᠳᠬᠠᠯ ᠳᠤ ᠣᠷᠣᠯᠴᠠᠭᠰᠠᠨ ᠰᠣᠶᠢᠳᠬᠡᠯ ᠲᠤᠰᠢᠶᠠᠭᠰᠠᠨ ᠪᠠᠷᠢᠮᠲᠠ ᠪᠠᠨ ᠠᠪᠴᠤ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠢ ᠡᠷᠬᠢᠯᠡᠨ  ᠬᠦᠢᠴᠡᠳᠬᠡᠬᠦ ᠪᠠᠶᠢᠭᠤᠯᠤᠮᠵᠢ ᠳᠤ ᠬᠦᠷᠴᠦ ᠲᠤᠰᠠᠯᠠᠮᠵᠢ ᠭᠤᠶᠤᠴᠢᠯᠠᠨ᠎ᠠ᠃ ᠡᠳ᠋ ᠮᠥᠩᠭᠦ ᠪᠠᠷ ᠲᠤᠰᠠᠯᠠᠬᠤ ᠪᠠᠷᠢᠮᠵᠢᠶ᠎ᠠ ᠨᠢ  ᠬᠥᠬᠡᠬᠤᠲᠠ  ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ  ᠤ ᠡᠭᠦᠷᠭᠡᠯᠡᠬᠦ ᠬᠡᠰᠡᠭ︔ ᠬᠤᠲᠠ ᠶᠢᠨ ᠱᠠᠲᠤᠨ ᠤ ᠠᠰᠠᠷᠠᠮᠵᠢ ᠶᠢᠨ ᠪᠠᠶᠢᠭᠤᠯᠤᠮᠵᠢ ᠶᠢᠨ ᠲᠥᠪᠯᠡᠷᠡᠭᠦᠯᠦᠨ ᠠᠰᠠᠷᠠᠨ ᠲᠡᠵᠢᠭᠡᠵᠦ  ᠪᠠᠶᠢᠭ᠎ᠠ ︽ᠭᠤᠷᠪᠠ ᠦᠭᠡᠢ︾ ᠬᠥᠮᠦᠰ᠂ ᠥᠨᠥᠴᠢᠨ ᠬᠡᠦᠬᠡᠳ ᠤᠨ ᠳᠠᠭᠠᠳᠬᠠᠯ ᠳᠤ ᠣᠷᠣᠯᠴᠠᠭᠰᠠᠨ ᠪᠡᠯᠡ ᠮᠥᠩᠭᠦ ᠶᠢ ᠠᠰᠠᠷᠠᠨ  ᠲᠡᠵᠢᠬᠡᠬᠦ ᠵᠠᠷᠤᠳᠠᠯ ᠠᠴᠠ ᠭᠠᠷᠭᠠᠵᠤ᠂ ᠠᠰᠠᠷᠠᠨ ᠲᠡᠵᠢᠭᠡᠬᠦ ᠪᠠᠶᠢᠭᠤᠯᠤᠮᠵᠢ ᠨᠢ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠳᠤ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠬᠢᠬᠦ ᠶᠢ ᠬᠠᠷᠢᠭᠤᠴᠠᠵᠤ᠂ ᠳᠠᠭᠠᠳᠬᠠᠯ ᠳᠤ ᠣᠷᠣᠯᠴᠠᠵᠤ ᠰᠣᠶᠢᠳᠬᠡᠯ ᠲᠤᠰᠢᠶᠠᠬᠤ ᠶᠠᠪᠤᠳᠠᠯ ᠢ ᠬᠠᠮᠲᠤ ᠪᠠᠷ ᠭᠦᠢᠴᠡᠳᠭᠡᠨ᠎ᠡ︔ ᠳᠠᠭᠠᠳᠬᠠᠯ ᠳᠤ ᠣᠷᠣᠯᠴᠠᠭᠰᠠᠨ ᠬᠦᠮᠣᠰ ᠤᠨ ᠬᠤᠪᠢ ᠬᠥᠮᠦᠨ ᠢ ᠵᠣᠭᠤᠰ ᠢᠶᠠᠷ ᠲᠤᠰᠠᠯᠠᠵᠤ᠂ 2021 ᠣᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠲᠤᠰᠢᠶᠠᠭᠰᠠᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠨ  ᠰᠦᠢᠳᠭᠡᠯ‌‍ᠲ᠋ᠤᠰᠢᠶᠠᠭᠰᠠᠨ ᠪᠠᠷᠢᠮᠲᠠ ᠪᠠᠷ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠳᠤ ᠬᠦᠷᠴᠦ ᠰᠣᠶᠢᠳᠬᠡᠯ ᠢ ᠪᠤᠴᠠᠭᠠᠬᠤ ᠶᠢ ᠬᠦᠢᠴᠡᠳᠬᠡᠨ᠎ᠡ᠃ ᠰᠣᠶᠢᠳᠬᠡᠯ ᠪᠤᠴᠠᠭᠠᠬᠤ ᠴᠠᠭ ᠨᠢ 2021 ᠣᠨ ᠤ 12 ᠰᠠᠷ᠎ᠠ ᠶᠢᠨ 31 ᠤ ᠡᠳᠦᠷ ᠲᠡᠭᠦᠰᠦᠨ᠎ᠡ ︔ ᠡᠯ᠎ᠡ ᠬᠤᠰᠢᠭᠤ ᠰᠢᠶᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠭᠠᠨ ᠤ ᠲᠣᠪᠴᠢᠶ᠎ᠠ ᠨᠢ ᠲᠤᠰ ᠭᠠᠵᠠᠷ ᠣᠷᠣᠨ ᠤ ᠪᠠᠨ ᠠᠷᠠᠳ ᠤᠨ ᠶᠠᠪᠤᠳᠠᠯ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠭᠡᠷ ᠵᠡᠷᠭᠡ ᠰᠠᠯᠠᠭ᠎ᠠ ᠮᠦᠴᠢᠷ ᠲᠠᠢ ᠬᠠᠮᠲᠤ ᠳᠠᠭᠠᠳᠬᠠᠯ ᠳᠤ ᠣᠷᠣᠯᠴᠠᠭᠰᠠᠨ ᠬᠥᠮᠦᠰ ᠤᠨ ᠮᠡᠳᠡᠭᠡ ᠵᠠᠩᠭᠢ ᠶᠢ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠵᠤ᠂ ᠳᠠᠭᠠᠳᠬᠠᠯ ᠳᠤ ᠣᠷᠣᠯᠴᠠᠭᠰᠠᠳ ᠤᠨ ᠮᠡᠳᠡᠭᠡ ᠵᠠᠩᠭᠢ ᠶᠢᠨ ᠣᠨᠣᠪᠴᠢᠲᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠶ︔ ᠡᠯ᠎ᠡ ᠬᠤᠰᠢᠭᠤ ᠰᠢᠶᠠᠨ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ 9  ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠦᠴᠢᠷᠳᠡᠯᠲᠡᠶ ᠬᠥᠮᠦᠰ ᠢ ᠲᠥᠪᠯᠡᠷᠡᠭᠦᠯᠦᠨ ᠲᠤᠰᠢᠶᠠᠬᠤ ᠠᠵᠢᠯ ᠢ ᠪᠡᠶᠡᠯᠡᠭᠦᠯᠵᠦ ᠂ 2020 ᠣᠨ ᠤ 12 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠪᠤᠶ ᠪᠦᠬᠦᠢ  ᠨᠦᠬᠦᠴᠡᠯ ᠳᠤ ᠨᠡᠶᠢᠴᠡᠭᠰᠡᠨ ᠲᠤᠰᠠᠯᠠᠮᠵᠢ ᠦᠵᠡᠭᠦᠯᠬᠦ  ᠬᠦᠮᠣᠰ ᠤᠨ ᠳᠠᠭᠠᠳᠬᠠᠯ ᠳᠤ ᠣᠷᠣᠯᠴᠠᠬᠤ ᠠᠵᠢᠯ ᠢ ᠪᠡᠶᠡᠯᠡᠬᠦᠯᠬᠦ ᠶᠢ ᠦᠨᠡᠨᠬᠦ ᠪᠠᠲᠤᠯᠠᠨ᠎ᠠ᠃ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠵᠣᠭᠤᠰ ᠢᠶᠠᠷ ᠲᠤᠰᠠᠯᠠᠬᠤ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠬᠦ ᠬᠡᠷᠡᠭᠲᠠᠢ ᠭᠡᠵᠡᠢ  ᠃http://mongol.people.com.cn/15824494.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号