ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 15 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠴᠧᠨ ᠼᠦᠩ︶ ︽ᠲᠠᠮ ᠲᠠᠮᠠᠬᠢ︾ ᠲᠠᠲᠠᠬᠤ ᠨᠢ ᠪᠠᠰᠠ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ ᠁ | ᠤᠯᠤᠰ ᠤᠨ ᠥᠮᠡᠨ ᠡᠪᠡᠳᠴᠢᠨ ᠤ ᠲᠥᠪ ᠤᠨ ᠨᠡᠶᠢᠲᠡᠯᠡᠭᠰᠡᠨ ︽2019 ᠣᠨ ᠤ ᠪᠥᠬᠦ ᠤᠯᠤᠰ ᠤᠨ ᠥᠮᠡᠨ | ᠡᠪᠡᠳᠴᠢᠨ ᠤ ᠮᠡᠳᠡᠭᠦᠯᠦᠯᠲᠡ︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠣᠯᠣᠰ ᠤᠨ | ᠰᠢᠨ᠎ᠡ ᠪᠠᠷ ᠡᠭᠦᠰᠦᠭᠰᠡᠨ ᠠᠭᠤᠰᠬᠢᠨ ᠥᠮᠡᠨ ᠡᠪᠡᠳᠴᠢᠲᠡᠨ ᠨᠢ ᠬᠤᠤᠷᠲᠤ ᠬᠠᠪᠤᠳᠠᠷ ᠲᠤ ᠨᠡᠷᠪᠡᠭᠳᠡᠭᠰᠡᠨ | ᠬᠥᠮᠦᠨ ᠤ ᠲᠤᠭ᠎ᠠ ᠶᠢᠨ 20.03% ᠶᠢ ᠡᠵᠡᠯᠡᠵᠦ᠂ ᠠᠭᠤᠰᠬᠢᠨ ᠥᠮᠡᠨ ᠠᠴᠠ ᠪᠣᠯᠵᠤ ᠦᠬᠦᠭᠰᠡᠨ ᠬᠥᠮᠦᠨ ᠤ | ᠲᠤᠭ᠎ᠠ ᠨᠢ ᠬᠤᠣᠷᠲᠤ ᠬᠠᠪᠤᠳᠠᠷ ᠠᠴᠠ ᠪᠣᠯᠵᠤ ᠦᠬᠦᠭᠰᠡᠨ ᠪᠦᠬᠦ ᠲᠣᠭᠠᠨ ᠤ 26.99% ᠶᠢ ᠡᠵᠡᠯᠡᠵᠦ᠂ | ᠬᠤᠤᠷᠲᠤ ᠬᠠᠪᠤᠳᠠᠷ ᠤᠨ ᠲᠡᠷᠢᠭᠦᠨ ᠳᠤ ᠣᠷᠣᠵᠤ᠂ ᠠᠭᠤᠰᠬᠢᠨ ᠥᠮᠡᠨ ᠢ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠨᠢ ᠨᠢᠳᠦᠨ ᠡᠮᠦᠨ᠎ᠡ ᠲᠤᠯᠭᠠᠷᠠᠵᠤ ᠪᠠᠶᠢᠭ᠎ᠠ ᠠᠰᠠᠭᠤᠳᠠᠯ ᠪᠤᠯᠪᠠ᠃ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠤᠳᠠᠭᠠᠨ ᠴᠢᠨᠠᠷᠲᠠᠶ | ᠡᠪᠡᠳᠴᠢᠨ ᠤ ᠲᠥᠪ ᠤᠨ ᠡᠷᠬᠢᠯᠡᠭᠴᠢ ᠡᠤ ᠵᠢᠩ ᠣᠶᠢᠷ᠎ᠠ ᠳᠤ ᠶᠠᠪᠤᠭᠳᠠᠭᠰᠠᠨ 2020 ᠣᠨ ᠤ ᠳᠤᠮᠳᠠᠳᠤ | ᠤᠯᠤᠰ ᠤᠨ ᠠᠭᠤᠰᠬᠢᠨ ᠤ ᠥᠮᠡᠨ ᠢ ᠰᠡᠷᠭᠡᠶᠢᠯᠡᠨ ᠵᠠᠰᠠᠬᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠳᠡᠭᠡᠷ᠎ᠡ | ᠬᠡᠯᠡᠭᠰᠡᠨ ᠨᠢ᠂ ᠲᠠᠮᠠᠬᠢ ᠲᠠᠲᠠᠬᠤ ᠪᠣᠯ ᠠᠭᠤᠰᠬᠢᠨ ᠥᠮᠡᠨ ᠳᠤ ᠨᠡᠷᠪᠡᠭᠳᠡᠬᠦ ᠬᠠᠮᠤᠭ ᠤᠨ ᠲᠣᠳᠣᠷᠬᠠᠶ᠂ ᠬᠠᠮᠤᠭ ᠤᠨ | ᠠᠶᠣᠯ ᠲᠠᠢ ᠡᠯᠧᠮᠧᠨ᠋ᠲ ᠪᠣᠯᠤᠨ᠎ᠠ᠃ ᠡᠭᠦᠨ ᠳᠤ ᠰᠠᠨᠠᠭᠠᠴᠢᠯᠠᠭ᠎ᠠ ᠲᠠᠢ ᠪᠠᠷ ᠲᠠᠮᠠᠬᠢ ᠲᠠᠲᠠᠬᠤ ᠪᠠ ᠳᠠᠮ ᠢᠶᠠᠷ ᠲᠠᠮᠠᠬᠢ | ᠲᠠᠲᠠᠬᠤ ᠪᠠᠭᠲᠠᠨ᠎ᠠ᠃ ᠬᠤᠯᠪᠣᠭᠳᠠᠯ ᠪᠥᠬᠦᠶ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠠᠮᠠᠬᠢ | ᠲᠠᠲᠠᠭᠰᠠᠨ ᠠᠴᠠ ᠪᠣᠯᠵᠣ ᠠᠭᠤᠰᠬᠢᠨ ᠤ ᠥᠮᠡᠨ ᠳᠤ ᠨᠡᠷᠪᠡᠭᠰᠡᠳ ᠨᠢ ᠪᠥᠬᠦ ᠪᠥᠮᠪᠥᠷᠴᠡᠭ ᠤᠨ ᠠᠭᠤᠰᠬᠢᠨ | ᠥᠮᠡᠨ ᠡᠪᠡᠳᠴᠢᠲᠡᠨ ᠤ 80%—85% ᠶᠢ ᠡᠵᠡᠯᠡᠵᠦ ᠪᠠᠶᠢᠨ᠎ᠠ᠃ ᠲᠡᠷᠡ ᠬᠡᠯᠡᠬᠦ ᠳᠡᠭᠡᠨ᠄ ᠲᠠᠮᠠᠬᠢ | ᠲᠠᠲᠠᠬᠤ ᠠᠴᠠ ᠠᠭᠤᠰᠬᠢᠨ ᠥᠮᠡᠨ ᠳᠤ ᠦᠵᠡᠭᠦᠯᠬᠦ ᠨᠥᠯᠥᠭᠡ ᠨᠢ ᠴᠠᠭ ᠬᠤᠭᠤᠴᠠᠭ᠎ᠠ ᠶᠢᠨ ᠨᠡᠮᠡᠭᠳᠡᠯ ᠢ ᠲᠠᠭᠠᠯᠳᠣᠨ | ᠨᠡᠮᠡᠭᠳᠡᠨ᠎ᠡ᠂ ᠬᠡᠷᠪᠡ ᠴᠠᠭ ᠲᠤᠬᠠᠢ ᠳᠤᠨᠢ ᠲᠠᠮᠠᠬᠢ ᠪᠠᠨ ᠵᠣᠭᠰᠣᠪᠠᠯ ᠨᠥᠯᠥᠭᠡ ᠨᠢ ᠵᠣᠬᠢᠴᠠᠩᠭᠤᠶ ᠪᠠᠷ ᠪᠠᠭᠠᠰᠬᠤ | ᠪᠣᠯᠤᠨ᠎ᠠ᠃ | ᠡᠭᠦᠨ ᠠᠴᠠ ᠭᠠᠳᠠᠨ᠎ᠠ᠂ ᠠᠭᠠᠷ ᠤᠨ ᠪᠣᠬᠢᠷᠲᠤᠯ ᠨᠢ ᠮᠥᠨ ᠴᠦ ᠠᠭᠤᠰᠬᠢᠨ ᠥᠮᠡᠨ ᠤ ᠨᠢᠭᠡ ᠶᠡᠭᠡ ᠠᠶᠤᠯᠲᠤ | ᠰᠢᠯᠲᠠᠭᠠᠨ ᠪᠣᠯᠤᠨ᠎ᠠ᠂ ᠡᠭᠦᠨ ᠳᠤ ᠭᠡᠷ ᠤᠨ ᠭᠠᠳᠠᠨᠠᠬᠢ ᠪᠣᠬᠢᠷᠲᠤᠯ ᠨᠢ ᠭᠤᠤᠯᠳᠠᠭᠤ PM2.5 ᠶᠢᠨ ᠪᠣᠬᠢᠷᠲᠤᠯ | ᠪᠣᠯᠤᠨ᠎ᠠ᠃ ᠭᠡᠷ ᠳᠣᠲᠣᠷᠠᠬᠢ ᠪᠣᠬᠢᠷᠲᠤᠯ ᠨᠢ ᠭᠤᠣᠯᠳᠠᠭᠤ ᠭᠡᠷ ᠪᠦᠯᠢ ᠶᠢᠨ ᠰᠠᠯᠬᠢ ᠨᠡᠪᠲᠡᠷᠡᠬᠦ ᠦᠭᠡᠢ ᠠᠴᠠ ᠪᠣᠯᠵᠠᠢ᠃ | ᠢᠯᠠᠩᠭᠤᠶ᠎ᠠ ᠭᠡᠷ ᠪᠦᠯᠢ ᠶᠢᠨ ᠬᠠᠲᠠᠭᠤ ᠪᠡᠶᠡᠲᠦ ᠲᠦᠯᠡᠰᠢ ᠰᠢᠲᠠᠭᠠᠬᠤ ᠪᠠ ᠭᠠᠯ ᠲᠣᠭᠤᠭᠠᠨ ᠤ ᠤᠲᠤᠭ᠎ᠠ ᠠᠴᠠ | ᠪᠣᠯᠣᠭᠰᠠᠨ ᠭᠡᠷ ᠳᠣᠲᠣᠷᠠᠬᠢ ᠪᠤᠵᠠᠷᠲᠤᠯ ᠢ ᠠᠭᠤᠰᠬᠢᠨ ᠤ ᠥᠮᠡᠨ ᠡᠭᠦᠰᠭᠡᠬᠦ ᠠᠶᠤᠯᠲᠤ ᠡᠯᠧᠮᠧᠨ᠋ᠲ ᠤᠨ ᠨᠢᠭᠡ ᠭᠡᠵᠦ | ᠦᠵᠡᠳᠡᠭ᠃ | ᠦ᠋ ᠵᠢᠩ ᠬᠡᠯᠡᠬᠦ ᠳᠡᠭᠡᠨ᠂ ᠠᠷᠰᠧᠨ ᠠᠭᠤᠯᠤᠭᠰᠠᠨ ᠤᠤᠭᠤᠬᠤ ᠤᠰᠤ᠂ β — ᠬᠤᠯᠤᠤᠪᠠᠩ ᠤᠨ ᠡᠳ᠋ ᠤᠨ | ᠨᠥᠬᠦᠪᠥᠷᠢ ᠡᠳ᠋᠂ ᠡᠳ᠋ᠰᠢᠯᠡᠭᠦᠯᠣᠭ᠍ᠰᠡᠨ ᠮᠢᠬ᠎ᠠ ᠪᠠ ᠰᠫᠢᠷᠲ ᠤᠮᠳᠠᠭᠠᠨ ᠢ ᠣᠷᠳᠣ ᠬᠤᠭᠤᠴᠠᠭ᠎ᠠ ᠪᠠᠷ ᠢᠳᠡᠵᠦ | ᠤᠤᠭᠤᠪᠠᠯ ᠠᠭᠤᠰᠬᠢᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ᠃ ᠵᠣᠬᠢᠰᠲᠠᠶ ᠪᠡᠶ᠎ᠡ ᠶᠢᠨ | ᠲᠠᠮᠢᠷ ᠤᠨ ᠪᠣᠯᠪᠠᠰᠤᠷᠠᠯ ᠨᠢ ᠡᠨᠡ ᠬᠦ ᠠᠶᠤᠯ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠲᠡᠷᠡ ᠵᠢᠭᠠᠵᠤ | ᠭᠠᠷᠭᠠᠭᠰᠠᠨ ᠨᠢ᠂ ᠠᠭᠤᠰᠬᠢᠨ ᠥᠮᠡᠨ ᠭᠡᠬᠦ ᠡᠨᠡ ᠬᠦ ᠡᠪᠡᠳᠴᠢᠨ ᠨᠢ ᠪᠤᠰᠤᠳ ᠬᠠᠪᠤᠳᠠᠷ ᠲᠠᠢ ᠠᠳᠠᠯᠢ ᠪᠠᠷ ᠪᠠᠰᠠ | ᠨᠢᠭᠡ ᠵᠦᠢᠯ ᠤᠨ ᠰᠡᠷᠭᠡᠶᠢᠯᠡᠵᠦ ᠳᠡᠶᠢᠯᠬᠦ ᠡᠪᠡᠳᠴᠢᠨ ᠪᠣᠯᠤᠨ᠎ᠠ ᠭᠡᠵᠡᠢ ᠃ | http://mongol.people.com.cn/15824493.html |