ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 15 ᠤ ᠡᠳᠦᠷ ᠤᠨ ᠮᠡᠳᠡᠭᠡ ︵ᠰᠤᠷᠪᠤᠯᠵᠢᠯᠠᠭᠴᠢ ᠴᠧᠨ ᠼᠦᠩ︶ ︽ᠲᠠᠮ ᠲᠠᠮᠠᠬᠢ︾ | ᠲᠠᠲᠠᠬᠤ ᠨᠢ ᠪᠠᠰᠠ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ ᠁ ᠤᠯᠤᠰ ᠤᠨ ᠥᠮᠡᠨ ᠡᠪᠡᠳᠴᠢᠨ ᠤ ᠲᠥᠪ ᠤᠨ ᠨᠡᠶᠢᠲᠡᠯᠡᠭᠰᠡᠨ ︽ | 2019 ᠣᠨ ᠤ ᠪᠥᠬᠦ ᠤᠯᠤᠰ ᠤᠨ ᠥᠮᠡᠨ ᠡᠪᠡᠳᠴᠢᠨ ᠤ ᠮᠡᠳᠡᠭᠦᠯᠦᠯᠲᠡ︾ ᠶᠢᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠮᠠᠨ ᠤ ᠣᠯᠣᠰ ᠤᠨ | ᠰᠢᠨ᠎ᠡ ᠪᠠᠷ ᠡᠭᠦᠰᠦᠭᠰᠡᠨ ᠠᠭᠤᠰᠬᠢᠨ ᠥᠮᠡᠨ ᠡᠪᠡᠳᠴᠢᠲᠡᠨ ᠨᠢ ᠬᠤᠤᠷᠲᠤ ᠬᠠᠪᠤᠳᠠᠷ ᠲᠤ ᠨᠡᠷᠪᠡᠭᠳᠡᠭᠰᠡᠨ ᠬᠥᠮᠦᠨ ᠤ ᠲᠤᠭ᠎ᠠ ᠶᠢᠨ 20.03% ᠶᠢ | ᠡᠵᠡᠯᠡᠵᠦ᠂ ᠠᠭᠤᠰᠬᠢᠨ ᠥᠮᠡᠨ ᠠᠴᠠ ᠪᠣᠯᠵᠤ ᠦᠬᠦᠭᠰᠡᠨ ᠬᠥᠮᠦᠨ ᠤ ᠲᠤᠭ᠎ᠠ ᠨᠢ ᠬᠤᠣᠷᠲᠤ ᠬᠠᠪᠤᠳᠠᠷ ᠠᠴᠠ ᠪᠣᠯᠵᠤ ᠦᠬᠦᠭᠰᠡᠨ ᠪᠦᠬᠦ ᠲᠣᠭᠠᠨ ᠤ 26. | 99% ᠶᠢ ᠡᠵᠡᠯᠡᠵᠦ᠂ ᠬᠤᠤᠷᠲᠤ ᠬᠠᠪᠤᠳᠠᠷ ᠤᠨ ᠲᠡᠷᠢᠭᠦᠨ ᠳᠤ ᠣᠷᠣᠵᠤ᠂ ᠠᠭᠤᠰᠬᠢᠨ ᠥᠮᠡᠨ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠨᠢ ᠨᠢᠳᠦᠨ | ᠡᠮᠦᠨ᠎ᠡ ᠲᠤᠯᠭᠠᠷᠠᠵᠤ ᠪᠠᠶᠢᠭ᠎ᠠ ᠠᠰᠠᠭᠤᠳᠠᠯ ᠪᠤᠯᠪᠠ᠃ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠭᠯᠠᠬᠤ ᠲᠥᠪ ᠤᠨ ᠤᠳᠠᠭᠠᠨ ᠴᠢᠨᠠᠷᠲᠠᠶ ᠡᠪᠡᠳᠴᠢᠨ ᠤ ᠲᠥᠪ ᠤᠨ ᠡᠷᠬᠢᠯᠡᠭᠴᠢ ᠡᠤ | ᠵᠢᠩ ᠣᠶᠢᠷ᠎ᠠ ᠳᠤ ᠶᠠᠪᠤᠭᠳᠠᠭᠰᠠᠨ 2020 ᠣᠨ ᠤ ᠳᠤᠮᠳᠠᠳᠤ ᠤᠯᠤᠰ ᠤᠨ ᠠᠭᠤᠰᠬᠢᠨ ᠤ ᠥᠮᠡᠨ ᠢ ᠰᠡᠷᠭᠡᠶᠢᠯᠡᠨ ᠵᠠᠰᠠᠬᠤ ᠲᠦᠷᠦᠭᠦᠴᠦᠳ ᠤᠨ | ᠶᠠᠷᠢᠯᠴᠠᠭᠠᠨ ᠤ ᠲᠠᠪᠴᠠᠩ ᠳᠡᠭᠡᠷ᠎ᠡ ᠬᠡᠯᠡᠭᠰᠡᠨ ᠨᠢ᠂ ᠲᠠᠮᠠᠬᠢ ᠲᠠᠲᠠᠬᠤ ᠪᠣᠯ ᠠᠭᠤᠰᠬᠢᠨ ᠥᠮᠡᠨ ᠳᠤ ᠨᠡᠷᠪᠡᠭᠳᠡᠬᠦ ᠬᠠᠮᠤᠭ ᠤᠨ ᠲᠣᠳᠣᠷᠬᠠᠶ᠂ ᠬᠠᠮᠤᠭ ᠤᠨ ᠠᠶᠣᠯ | ᠲᠠᠢ ᠡᠯᠧᠮᠧᠨ᠋ᠲ ᠪᠣᠯᠤᠨ᠎ᠠ᠃ ᠡᠭᠦᠨ ᠳᠤ ᠰᠠᠨᠠᠭᠠᠴᠢᠯᠠᠭ᠎ᠠ ᠲᠠᠢ ᠪᠠᠷ ᠲᠠᠮᠠᠬᠢ ᠲᠠᠲᠠᠬᠤ ᠪᠠ ᠳᠠᠮ ᠢᠶᠠᠷ ᠲᠠᠮᠠᠬᠢ ᠲᠠᠲᠠᠬᠤ ᠪᠠᠭᠲᠠᠨ᠎ᠠ᠃ ᠬᠤᠯᠪᠣᠭᠳᠠᠯ ᠪᠥᠬᠦᠶ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠲᠠᠮᠠᠬᠢ ᠲᠠᠲᠠᠭᠰᠠᠨ ᠠᠴᠠ ᠪᠣᠯᠵᠣ ᠠᠭᠤᠰᠬᠢᠨ ᠤ ᠥᠮᠡᠨ ᠳᠤ ᠨᠡᠷᠪᠡᠭᠰᠡᠳ ᠨᠢ ᠪᠥᠬᠦ ᠪᠥᠮᠪᠥᠷᠴᠡᠭ ᠤᠨ | ᠠᠭᠤᠰᠬᠢᠨ ᠥᠮᠡᠨ ᠡᠪᠡᠳᠴᠢᠲᠡᠨ ᠤ 80%—85% ᠶᠢ ᠡᠵᠡᠯᠡᠵᠦ ᠪᠠᠶᠢᠨ᠎ᠠ᠃ ᠲᠡᠷᠡ ᠬᠡᠯᠡᠬᠦ ᠳᠡᠭᠡᠨ᠄ ᠲᠠᠮᠠᠬᠢ ᠲᠠᠲᠠᠬᠤ ᠠᠴᠠ ᠠᠭᠤᠰᠬᠢᠨ ᠥᠮᠡᠨ ᠳᠤ | ᠦᠵᠡᠭᠦᠯᠬᠦ ᠨᠥᠯᠥᠭᠡ ᠨᠢ ᠴᠠᠭ ᠬᠤᠭᠤᠴᠠᠭ᠎ᠠ ᠶᠢᠨ ᠨᠡᠮᠡᠭᠳᠡᠯ ᠢ ᠲᠠᠭᠠᠯᠳᠣᠨ ᠨᠡᠮᠡᠭᠳᠡᠨ᠎ᠡ᠂ ᠬᠡᠷᠪᠡ ᠴᠠᠭ ᠲᠤᠬᠠᠢ ᠳᠤᠨᠢ ᠲᠠᠮᠠᠬᠢ ᠪᠠᠨ ᠵᠣᠭᠰᠣᠪᠠᠯ ᠨᠥᠯᠥᠭᠡ ᠨᠢ | ᠵᠣᠬᠢᠴᠠᠩᠭᠤᠶ ᠪᠠᠷ ᠪᠠᠭᠠᠰᠬᠤ ᠪᠣᠯᠤᠨ᠎ᠠ᠃ | ᠡᠭᠦᠨ ᠠᠴᠠ ᠭᠠᠳᠠᠨ᠎ᠠ᠂ ᠠᠭᠠᠷ ᠤᠨ ᠪᠣᠬᠢᠷᠲᠤᠯ ᠨᠢ ᠮᠥᠨ ᠴᠦ ᠠᠭᠤᠰᠬᠢᠨ ᠥᠮᠡᠨ ᠤ ᠨᠢᠭᠡ ᠶᠡᠭᠡ ᠠᠶᠤᠯᠲᠤ ᠰᠢᠯᠲᠠᠭᠠᠨ ᠪᠣᠯᠤᠨ᠎ᠠ᠂ ᠡᠭᠦᠨ ᠳᠤ ᠭᠡᠷ ᠤᠨ | ᠭᠠᠳᠠᠨᠠᠬᠢ ᠪᠣᠬᠢᠷᠲᠤᠯ ᠨᠢ ᠭᠤᠤᠯᠳᠠᠭᠤ PM2.5 ᠶᠢᠨ ᠪᠣᠬᠢᠷᠲᠤᠯ ᠪᠣᠯᠤᠨ᠎ᠠ᠃ ᠭᠡᠷ ᠳᠣᠲᠣᠷᠠᠬᠢ ᠪᠣᠬᠢᠷᠲᠤᠯ ᠨᠢ ᠭᠤᠣᠯᠳᠠᠭᠤ ᠭᠡᠷ ᠪᠦᠯᠢ ᠶᠢᠨ ᠰᠠᠯᠬᠢ | ᠨᠡᠪᠲᠡᠷᠡᠬᠦ ᠦᠭᠡᠢ ᠠᠴᠠ ᠪᠣᠯᠵᠠᠢ᠃ ᠢᠯᠠᠩᠭᠤᠶ᠎ᠠ ᠭᠡᠷ ᠪᠦᠯᠢ ᠶᠢᠨ ᠬᠠᠲᠠᠭᠤ ᠪᠡᠶᠡᠲᠦ ᠲᠦᠯᠡᠰᠢ ᠰᠢᠲᠠᠭᠠᠬᠤ ᠪᠠ ᠭᠠᠯ ᠲᠣᠭᠤᠭᠠᠨ ᠤ ᠤᠲᠤᠭ᠎ᠠ ᠠᠴᠠ | ᠪᠣᠯᠣᠭᠰᠠᠨ ᠭᠡᠷ ᠳᠣᠲᠣᠷᠠᠬᠢ ᠪᠤᠵᠠᠷᠲᠤᠯ ᠢ ᠠᠭᠤᠰᠬᠢᠨ ᠤ ᠥᠮᠡᠨ ᠡᠭᠦᠰᠭᠡᠬᠦ ᠠᠶᠤᠯᠲᠤ ᠡᠯᠧᠮᠧᠨ᠋ᠲ ᠤᠨ ᠨᠢᠭᠡ ᠭᠡᠵᠦ ᠦᠵᠡᠳᠡᠭ᠃ | ᠦ᠋ ᠵᠢᠩ ᠬᠡᠯᠡᠬᠦ ᠳᠡᠭᠡᠨ᠂ ᠠᠷᠰᠧᠨ ᠠᠭᠤᠯᠤᠭᠰᠠᠨ ᠤᠤᠭᠤᠬᠤ ᠤᠰᠤ᠂ β — ᠬᠤᠯᠤᠤᠪᠠᠩ ᠤᠨ ᠡᠳ᠋ ᠤᠨ ᠨᠥᠬᠦᠪᠥᠷᠢ ᠡᠳ᠋᠂ ᠡᠳ᠋ᠰᠢᠯᠡᠭᠦᠯᠣᠭ᠍ᠰᠡᠨ | ᠮᠢᠬ᠎ᠠ ᠪᠠ ᠰᠫᠢᠷᠲ ᠤᠮᠳᠠᠭᠠᠨ ᠢ ᠣᠷᠳᠣ ᠬᠤᠭᠤᠴᠠᠭ᠎ᠠ ᠪᠠᠷ ᠢᠳᠡᠵᠦ ᠤᠤᠭᠤᠪᠠᠯ ᠠᠭᠤᠰᠬᠢᠨ ᠥᠮᠡᠨ ᠳᠤ ᠨᠡᠷᠪᠡᠭᠳᠡᠬᠦ ᠲᠦᠭᠰᠢᠭᠦᠷᠢ ᠶᠢ ᠨᠡᠮᠡᠭᠳᠡᠭᠦᠯᠦᠨ᠎ᠡ᠃ | ᠵᠣᠬᠢᠰᠲᠠᠶ ᠪᠡᠶ᠎ᠡ ᠶᠢᠨ ᠲᠠᠮᠢᠷ ᠤᠨ ᠪᠣᠯᠪᠠᠰᠤᠷᠠᠯ ᠨᠢ ᠡᠨᠡ ᠬᠦ ᠠᠶᠤᠯ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠲᠡᠷᠡ ᠵᠢᠭᠠᠵᠤ ᠭᠠᠷᠭᠠᠭᠰᠠᠨ ᠨᠢ᠂ ᠠᠭᠤᠰᠬᠢᠨ | ᠥᠮᠡᠨ ᠭᠡᠬᠦ ᠡᠨᠡ ᠬᠦ ᠡᠪᠡᠳᠴᠢᠨ ᠨᠢ ᠪᠤᠰᠤᠳ ᠬᠠᠪᠤᠳᠠᠷ ᠲᠠᠢ ᠠᠳᠠᠯᠢ ᠪᠠᠷ ᠪᠠᠰᠠ ᠨᠢᠭᠡ ᠵᠦᠢᠯ ᠤᠨ ᠰᠡᠷᠭᠡᠶᠢᠯᠡᠵᠦ ᠳᠡᠶᠢᠯᠬᠦ ᠡᠪᠡᠳᠴᠢᠨ ᠪᠣᠯᠤᠨ᠎ᠠ ᠭᠡᠵᠡᠢ ᠃ | http://mongol.people.com.cn/15824493.html |