ᠮᠠᠨ ᠤ ᠬᠤᠲᠠ ᠠᠴᠠ ᠴᠡᠷᠢᠭ ᠲᠤ ᠡᠯᠰᠡᠭᠳᠡᠭᠰᠡᠨ ᠶᠡᠭᠡ ᠰᠤᠷᠭᠠᠭᠤᠯᠢ ᠲᠡᠭᠦᠰᠦᠭᠰᠡᠳ ᠲᠤ ᠨᠢᠭᠡ ᠤᠳᠠᠭ᠎ᠠ ᠶᠢᠨ ᠴᠢᠨᠠᠷᠲᠠᠶ ᠴᠡᠷᠢᠭ ᠲᠤ ᠡᠯᠰᠡᠭᠳᠡᠭᠰᠡᠨ ᠱᠠᠩᠨᠠᠯ ᠤᠨ ᠮᠥᠩᠭᠦ ᠣᠯᠭᠤᠬᠤ ᠲᠤᠬᠠᠶ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠬᠦᠬᠡᠬᠤᠲᠠ ᠶᠢᠨ  ᠰᠡᠷᠭᠡᠶᠢᠯᠡᠯᠲᠡ ᠶᠢᠨ ᠲᠣᠭᠤᠷᠢᠭ ᠤᠨ ᠮᠡᠳᠡᠭᠳᠡᠯ
ᠨᠡᠶᠢᠲᠡᠯᠡᠭᠰᠡᠨ ᠴᠠᠭ᠄
2020/9/2
                   ᠬᠦᠬᠡᠬᠤᠲᠠ ᠵᠠᠰᠠᠭ ᠲᠠᠷᠬᠠᠭᠠᠭᠰᠠᠨ ﹇2020﹈12 ᠳ᠋ᠤᠭᠠᠷ ᠲᠤᠭᠠᠳᠤ                    2020 ᠣᠨ ᠤ 6 ᠳ᠋ᠤᠭᠠᠷ ᠰᠠᠷ᠎ᠠ ᠶᠢᠨ 22 ᠤᠨ ᠡᠳᠦᠷ      ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠲᠠ ᠶᠢᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠄      ᠮᠠᠨ ᠤ ᠬᠤᠲᠠ ᠶᠢᠨ ᠴᠡᠷᠢᠭ ᠡᠯᠰᠡᠬᠦ ᠠᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠵᠦ᠂ ᠶᠡᠭᠡ ᠰᠤᠷᠭᠠᠭᠤᠯᠢ ᠲᠡᠭᠦᠰᠦᠭᠰᠡᠨ ᠤᠶᠤᠲᠠᠳ ᠤᠨ ᠴᠡᠷᠢᠭ ᠲᠤ ᠣᠷᠣᠬᠤ ᠶᠢ ᠵᠣᠷᠢᠭᠵᠢᠭᠤᠯᠬᠤ ᠶᠢᠨ ᠲᠦᠯᠦᠭᠡ᠂ ᠬᠤᠲᠠ ᠶᠢᠨ ᠵᠠᠰᠠᠭ ᠤᠨ ᠣᠷᠳᠣᠨ ᠪᠣᠯᠤᠨ ᠰᠡᠷᠭᠡᠶᠢᠯᠡᠯᠲᠡ ᠶᠢᠨ ᠲᠣᠭᠤᠷᠢᠭ ᠤᠨ ᠰᠤᠳᠤᠯᠤᠯᠲᠠ ᠪᠠᠷ ᠳᠠᠮᠵᠢᠨ᠂ 2020 ᠣᠨ ᠠᠴᠠ ᠡᠬᠢᠯᠡᠨ᠂ ᠮᠠᠨ ᠤ ᠬᠤᠲᠠ ᠠᠴᠠ ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ ᠡᠩ ᠤᠨ ᠪᠦᠬᠦᠯᠢ ᠡᠳᠦᠷ ᠤᠨ ᠳᠦᠷᠢᠮᠲᠦ  ᠶᠡᠭᠡ ᠲᠡᠭᠡᠳᠦ ᠰᠤᠷᠭᠠᠭᠤᠯᠢ ᠶᠢᠨ ᠲᠡᠭᠦᠰᠬᠦ  ︵ᠲᠡᠭᠦᠰᠦᠭᠰᠡᠨ︶ ᠤᠶᠤᠳᠠᠨ ᠪᠣᠯᠤᠨ ᠰᠤᠳᠤᠯᠬᠤ ᠰᠤᠷᠤᠭᠴᠢ ︵ᠰᠤᠳᠤᠯᠤᠨ ᠰᠤᠷᠴᠤ ᠪᠠᠶᠢᠭ᠎ᠠ ᠪᠠ ᠨᠢᠭᠡᠨᠲᠡ ᠲᠡᠭᠦᠰᠦᠭᠰᠡᠨ ᠢ ᠪᠠᠭᠲᠠᠭᠠᠨ᠎ᠠ︶ ᠳᠤ ᠨᠢᠭᠡ ᠤᠳᠠᠭ᠎ᠠ ᠶᠢᠨ ᠴᠢᠨᠠᠷᠲᠠᠶ ᠴᠡᠷᠢᠭ ᠲᠤ ᠡᠯᠰᠡᠭᠳᠡᠭᠰᠡᠨ ᠱᠠᠩᠨᠠᠯ ᠤᠨ ᠮᠥᠩᠭᠦ ᠣᠯᠭᠤᠬᠤ ᠪᠠᠷ ᠲᠣᠭᠲᠠᠪᠠ᠃ ᠡᠳᠦᠭᠡ ᠬᠠᠮᠢᠶ᠎ᠠ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠣᠯᠭᠤᠬᠤ ᠬᠦᠷᠢᠶ᠎ᠡ ᠬᠡᠪᠴᠢᠶ᠎ᠡ᠂ ᠪᠠᠷᠢᠮᠵᠢᠶ᠎ᠠ      ᠴᠡᠷᠢᠭ ᠲᠤ ᠡᠯᠰᠡᠭᠳᠡᠭᠰᠡᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠤᠶᠤᠳᠠᠨ ᠪᠠ ᠰᠤᠳᠤᠯᠬᠤ ᠰᠤᠷᠤᠭᠴᠢ ᠳᠤ ᠬᠥᠮᠦᠨ ᠪᠦᠷᠢ ᠳᠤ10000 ᠲᠥᠭᠦᠷᠢᠭ᠂ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠦᠭᠰᠡᠨ ᠤᠶᠤᠲᠠᠨ ᠳᠤ ᠬᠥᠮᠦᠨ ᠪᠦᠷᠢ ᠳᠤ 6000 ᠲᠥᠭᠦᠷᠢᠭ  ᠃      ᠬᠤᠶᠠᠷ᠂ ᠵᠠᠷᠤᠳᠠᠯ ᠤᠨ ᠢᠷᠡᠯᠲᠡ      ᠬᠡᠷᠡᠭᠰᠡᠬᠦ ᠵᠠᠷᠤᠳᠠᠯ ᠢ ᠬᠤᠲᠠ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠬᠠᠮᠲᠤᠪᠠᠷ ᠡᠭᠦᠷᠭᠡᠯᠡᠵᠦ᠂  ᠴᠡᠷᠢᠭ ᠲᠤ ᠡᠯᠰᠡᠭᠳᠡᠭᠰᠡᠨ ᠤ ᠳᠠᠷᠠᠭ᠎ᠠ ᠵᠢᠯ ᠨᠢ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ᠎ᠠ᠃ ᠡᠭᠦᠨ ᠳᠤ᠂ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ᠂ ᠢᠦᠶ ᠴᠢᠤᠸᠠᠨ ᠲᠣᠭᠤᠷᠢᠭ᠂ ᠰᠠᠶᠢᠬᠠᠨ ᠲᠣᠭᠤᠷᠢᠭ ᠤᠨ ᠬᠢ ᠶᠢ ᠬᠤᠲᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠲᠣᠰ ᠲᠣᠰ 50% ᠶᠢ ᠡᠭᠦᠷᠭᠡᠯᠡᠨ᠎ᠡ︔ ᠲᠦᠮᠡᠳ ᠵᠡᠭᠦᠨ ᠬᠤᠰᠢᠭᠤ᠂ ᠲᠤᠭᠲᠠᠬᠤ ᠰᠢᠶᠠᠨ᠂ ᠬᠤᠷᠢᠨᠬᠡᠷ ᠰᠢᠶᠠᠨ ᠤ ᠬᠢ ᠶᠢ ᠬᠤᠲᠠ ᠶᠢᠨ ᠱᠠᠲᠤᠨ ᠤ ᠡᠳ᠋ ᠤᠨ ᠵᠠᠰᠠᠭ 60% ᠶᠢ ᠡᠭᠦᠷᠭᠡᠯᠡᠵᠦ᠂ ᠬᠤᠰᠢᠭᠤ ᠰᠢᠶᠠᠨ ᠤ ᠡᠳ᠋ ᠤᠨ ᠵᠠᠰᠠᠭ 40% ᠶᠢ ᠡᠭᠦᠷᠭᠡᠯᠡᠨ᠎ᠡ︔ ᠴᠢᠩ ᠱᠦᠶ ᠾᠧ ᠰᠢᠶᠠᠨ᠂ ᠦᠴᠤᠸᠠᠨ ᠰᠢᠶᠠᠨ ᠤ ᠬᠢ ᠶᠢ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ 80% ᠶᠢ ᠡᠭᠦᠷᠭᠡᠯᠡᠵᠦ᠂ ᠰᠢᠶᠠᠨ ᠤ ᠱᠠᠲᠤᠨ ᠤ ᠡᠳ᠋ ᠤᠨ ᠵᠠᠰᠠᠭ ᠠᠴᠠ 20% ᠶᠢ ᠡᠭᠦᠷᠭᠡᠯᠡᠨ᠎ᠡ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ  ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠰᠠᠶᠢᠲᠤᠷ ᠬᠢᠬᠦ ᠬᠡᠷᠡᠭᠲᠡᠶ      ︵ᠬᠤᠶᠠᠷ︶ ᠴᠡᠷᠢᠭ ᠲᠤ ᠡᠯᠰᠡᠭᠳᠡᠭᠰᠡᠨ ᠶᠡᠭᠡ ᠰᠤᠷᠭᠠᠭᠤᠯᠢ ᠲᠡᠭᠦᠰᠦᠭᠰᠡᠳ ᠤᠨ ᠱᠠᠩᠨᠠᠯ ᠤᠨ ᠮᠥᠩᠭᠦ ᠶᠢ ᠴᠡᠷᠢᠭ ᠡᠯᠰᠡᠭᠰᠡᠨ ᠭᠠᠵᠠᠷ ᠤᠨ ᠬᠤᠰᠢᠭᠤ ᠰᠢᠶᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠤᠪᠴᠢᠶ᠎ᠠ ᠠᠴᠠ ᠴᠡᠷᠢᠭ ᠲᠤ ᠰᠢᠨ᠎ᠡ ᠡᠯᠰᠡᠭᠳᠡᠭᠰᠡᠨ ᠤ ᠳᠠᠷᠠᠭ᠎ᠠ ᠵᠢᠯ ᠤᠨ ᠬᠢᠨᠢ 8 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠣᠯᠭᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号